ᠣᠶᠢᠷ᠎ᠠ ᠳᠤ᠂ ᠠᠯᠠᠱᠠ ᠠᠶᠢᠮᠠᠭ ᠤᠨ ᠰᠣᠶᠣᠯ ᠷᠠᠳᠢᠣ᠋ ᠲᠧᠯᠸᠢᠰ ᠤᠨ ᠲᠣᠪᠴᠢᠶ᠎ᠠ᠂ ᠠᠯᠠᠱᠠ ᠠᠶᠢᠮᠠᠭ ᠤᠨ | ᠣᠶᠢᠷᠠᠳ ᠰᠣᠶᠣᠯ ᠢ ᠰᠤᠳᠤᠯᠬᠤ ᠨᠡᠶᠢᠭᠡᠮᠯᠢᠭ ᠠᠴᠠ ︽ᠳᠤᠮᠳᠠᠳᠤ ᠤᠯᠤᠰ · ᠠᠯᠠᠱᠠ ᠶᠢᠨ ᠤᠯᠠᠨ ᠤᠯᠤᠰ ᠤᠨ | ᠣᠶᠢᠷᠠᠳ ᠰᠣᠶᠣᠯ ᠤᠨ ᠵᠢᠭᠤᠯᠴᠢᠯᠠᠯ ᠤᠨ ᠪᠠᠶᠠᠷ︾ ᠤᠨ ᠪᠣᠯᠣᠮᠵᠢᠲᠤ ᠴᠢᠨᠠᠷ ᠤᠨ ᠲᠤᠬᠠᠶ ᠶᠠᠷᠢᠯᠴᠠᠬᠤ ᠬᠤᠷᠠᠯ ᠢ | ᠬᠠᠮᠲᠤᠷᠠᠨ ᠬᠤᠷᠠᠯᠳᠤᠭᠤᠯᠪᠠ᠃ ᠬᠤᠷᠠᠯ ᠳᠤ ︽ᠳᠤᠮᠳᠠᠳᠤ ᠤᠯᠤᠰ · ᠠᠯᠠᠱᠠ ᠶᠢᠨ ᠤᠯᠠᠨ ᠤᠯᠤᠰ ᠤᠨ ᠣᠶᠢᠷᠠᠳ | ᠰᠣᠶᠣᠯ ᠤᠨ ᠵᠢᠭᠤᠯᠴᠢᠯᠠᠯ ᠤᠨ ᠤᠷᠠᠯᠢᠭ ᠤᠨ ᠪᠠᠶᠠᠷ︾ ᠤᠨ ᠪᠣᠯᠣᠮᠵᠢᠲᠤ ᠴᠢᠨᠠᠷ ᠤᠨ ᠲᠤᠬᠠᠢ ᠲᠤᠰᠬᠠᠶᠢᠯᠠᠨ | ᠰᠤᠳᠤᠯᠤᠨ ᠶᠠᠷᠢᠯᠴᠠᠪᠠ᠃ | ︽ᠳᠤᠮᠳᠠᠳᠤ ᠤᠯᠤᠰ · ᠠᠯᠠᠱᠠ ᠶᠢᠨ ᠤᠯᠠᠨ ᠤᠯᠤᠰ ᠤᠨ ᠣᠶᠢᠷᠠᠳ ᠰᠣᠶᠣᠯ ᠤᠨ ᠵᠢᠭᠤᠯᠴᠢᠯᠠᠯ ᠤᠨ | ᠤᠷᠠᠯᠢᠭ ᠤᠨ ᠪᠠᠶᠠᠷ︾ ᠨᠢ ᠠᠯᠠᠱᠠ ᠠᠶᠢᠮᠠᠭ ᠤᠨ ᠡᠯᠪᠡᠭ ᠪᠠᠶᠠᠯᠢᠭ ᠦᠨᠳᠦᠰᠦᠲᠡᠨ ᠤ ᠰᠣᠶᠣᠯ ᠤᠨ ᠡᠬᠢ ᠪᠠᠶᠠᠯᠢᠭ | ᠪᠠ ᠥᠪᠡᠷᠮᠢᠴᠡ ᠪᠠᠶᠢᠭᠠᠯᠢ ᠶᠢᠨ ᠥᠩᠭᠡ ᠦᠵᠡᠮᠵᠢ ᠢ ᠲᠦᠰᠢᠭᠯᠡᠨ᠂ ᠰᠣᠶᠣᠯ ᠢᠶᠠᠷ ᠵᠢᠭᠤᠯᠴᠢᠯᠠᠯ ᠤᠨ | ᠳᠡᠭᠡᠭᠰᠢᠯᠡᠭᠦᠯᠵᠦ᠂ ᠵᠢᠭᠤᠯᠴᠢᠯᠠᠯ ᠢᠶᠠᠷ ᠰᠣᠶᠣᠯ ᠢ ᠤᠯᠠᠮᠵᠢᠯᠠᠭᠤᠯᠵᠤ᠂ ︽ᠲᠣᠷᠭᠠᠨ ᠵᠠᠮ ᠤᠨ ᠠᠵᠤ ᠠᠬᠤᠶ ᠶᠢᠨ | ᠪᠦᠰᠡ︾ ᠳᠡᠭᠡᠷᠡᠬᠢ ᠴᠢᠬᠤᠯᠠ ᠪᠠᠶᠢᠯᠳᠤᠬᠤ ᠪᠤᠲᠣᠯᠭ᠎ᠠ ᠶᠢᠨ ᠲᠤᠯᠬᠤ ᠴᠢᠭ᠋ ᠤᠨ ᠦᠢᠯᠡᠳᠦᠯ ᠢ ᠤᠯᠠᠮ ᠨᠢᠭᠡ | ᠠᠯᠬᠤᠮ ᠪᠠᠳᠠᠷᠠᠭᠤᠯᠬᠤ ᠶᠢᠨ ᠬᠠᠮᠲᠤ ᠰᠣᠶᠣᠯ ᠬᠢᠭᠡᠳ ᠵᠢᠭᠤᠯᠴᠢᠯᠠᠯ ᠤᠨ ᠭᠦᠨᠵᠡᠭᠡᠶ ᠤᠶᠠᠯᠳᠤᠯ ᠢ ᠠᠬᠢᠭᠤᠯᠬᠤ ᠵᠡᠷᠭᠡ | ᠲᠠᠯ᠎ᠠ ᠪᠠᠷ ᠢᠳᠡᠪᠬᠢᠲᠡᠶ ᠠᠴᠢ ᠬᠤᠯᠪᠣᠭᠳᠠᠯ ᠲᠠᠢ ᠶᠤᠮ᠃ | ᠰᠤᠳᠤᠯᠤᠨ ᠶᠠᠷᠢᠯᠴᠠᠬᠤ ᠬᠤᠷᠠᠯ ᠳᠡᠭᠡᠷ᠎ᠡ ︽ᠳᠤᠮᠳᠠᠳᠤ ᠤᠯᠤᠰ · ᠠᠯᠠᠱᠠ ᠶᠢᠨ ᠤᠯᠠᠨ ᠤᠯᠤᠰ ᠤᠨ | ᠣᠶᠢᠷᠠᠳ ᠰᠣᠶᠣᠯ ᠤᠨ ᠵᠢᠭᠤᠯᠴᠢᠯᠠᠯ ᠤᠨ ᠤᠷᠠᠯᠢᠭ ᠤᠨ ᠪᠠᠶᠠᠷ︾ ᠤᠨ ᠦᠨᠳᠦᠰᠦᠨ ᠪᠠᠶᠢᠳᠠᠯ ᠤᠨ ᠲᠤᠬᠠᠶ ᠨᠠᠷᠢᠨ | ᠲᠠᠨᠢᠯᠴᠠᠭᠤᠯᠤᠭᠰᠠᠨ ᠪᠥᠭᠡᠳ ᠬᠤᠷᠠᠯ ᠳᠤ ᠣᠷᠣᠯᠴᠠᠭᠰᠠᠳ ᠢ ᠤᠷᠢᠨ ᠵᠢᠭᠤᠯᠴᠢᠯᠠᠯ ᠤᠨ ᠪᠠᠶᠠᠷ ᠤᠨ ᠴᠢᠬᠤᠯᠠ ᠴᠢᠨᠠᠷ | ᠪᠣᠯᠤᠨ ᠪᠣᠯᠤᠮᠵᠢᠲᠤ ᠴᠢᠨᠠᠷ᠂ ᠵᠢᠴᠢ ᠨᠡᠷᠡᠶᠢᠳᠦᠯ᠂ ᠠᠭᠤᠯᠭ᠎ᠠ ᠶᠢᠨ ᠲᠤᠭᠤᠷᠢᠨ ᠳᠤ᠂ ᠤᠳᠤ ᠪᠠᠶᠢᠭ᠎ᠠ ᠪᠠᠶᠠᠷ | ᠳᠤᠷᠠᠰᠬᠠᠯ ᠤᠨ ᠠᠵᠢᠯᠯᠠᠭ᠎ᠠ ᠯᠤᠭ᠎ᠠ ᠶᠢᠨ ᠬᠠᠷᠢᠴᠠᠭ᠎ᠠ ᠵᠡᠷᠭᠡ ᠪᠠᠶᠢᠳᠠᠯ ᠤᠨ ᠲᠤᠬᠠᠢ ᠨᠤᠲᠠᠯᠠᠯᠲᠠ ᠬᠢᠬᠦ ᠪᠠ ᠰᠢᠨᠵᠢᠯᠡᠬᠦ | ᠤᠬᠠᠭᠠᠨᠴᠢ ᠰᠤᠳᠤᠯᠤᠨ ᠶᠠᠷᠢᠯᠴᠠᠭ᠎ᠠ ᠬᠢᠯᠭᠡᠪᠡ᠃ ᠬᠤᠷᠠᠯ ᠤᠨ ᠲᠠᠷᠠᠭ᠎ᠠ᠂ ᠠᠯᠠᠱᠠ ᠠᠶᠢᠮᠠᠭ ᠤᠨ ᠷᠠᠳᠢᠣ᠋ | ᠲᠧᠯᠸᠢᠰ ᠤᠨ ᠲᠣᠪᠴᠢᠶ᠎ᠠ᠂ ᠠᠯᠠᠱᠠ ᠠᠶᠢᠮᠠᠭ ᠤᠨ ᠣᠶᠢᠷᠠᠳ ᠰᠣᠶᠣᠯ ᠢ ᠰᠤᠳᠤᠯᠬᠤ ᠨᠡᠶᠢᠭᠡᠮᠯᠢᠭ ᠠᠴᠠ ᠠᠯᠠᠱᠠ | ᠠᠶᠢᠮᠠᠭ ᠤᠨ ᠪᠣᠳᠠᠲᠠᠶ ᠪᠠᠶᠢᠳᠠᠯ ᠢ ᠦᠨᠳᠦᠰᠦᠯᠡᠨ᠂ ᠨᠡᠯᠢᠶᠡᠳ ᠴᠢᠩᠭ᠎ᠠ ᠵᠢᠯᠤᠭᠤᠳᠤᠯᠭ᠎ᠠ ᠶᠢᠨ ᠴᠢᠨᠠᠷᠲᠠᠶ ᠪᠠ | ᠬᠡᠷᠡᠭᠵᠢᠭᠦᠯᠵᠦ ᠪᠣᠯᠬᠤᠶᠢᠴᠠ ᠰᠤᠳᠤᠯᠤᠨ ᠶᠠᠷᠢᠯᠴᠠᠭᠰᠠᠨ ᠰᠠᠨᠠᠯ ᠰᠠᠨᠠᠭᠤᠯᠭ᠎ᠠ ᠶᠢ ᠪᠣᠯᠣᠮᠵᠢᠲᠤ ᠴᠢᠨᠠᠷ ᠤᠨ | ᠲᠥᠰᠥᠯ ᠳᠤ ᠣᠷᠣᠭᠤᠯᠪᠠ᠃ ᠡᠭᠦᠨ ᠤ ᠬᠠᠮᠲᠤ᠂ ᠠᠯᠠᠱᠠ ᠠᠶᠢᠮᠠᠭ ᠤᠨ ᠣᠶᠢᠷᠠᠳ ᠰᠣᠶᠣᠯ ᠢ ᠰᠤᠳᠤᠯᠤᠨ | ᠶᠠᠷᠢᠯᠴᠠᠬᠤ ᠬᠤᠷᠠᠯ ᠠᠴᠠ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠠᠯᠢ ᠲᠦᠷᠭᠡᠨ ᠢᠶᠠᠷ ᠰᠠᠶᠢᠲᠤᠷ ᠬᠢᠵᠦ᠂ | ︽ᠳᠤᠮᠳᠠᠳᠤ ᠤᠯᠤᠰ · ᠠᠯᠠᠱᠠ ᠶᠢᠨ ᠤᠯᠠᠨ ᠤᠯᠤᠰ ᠤᠨ ᠣᠶᠢᠷᠠᠳ ᠰᠣᠶᠣᠯ ᠤᠨ ᠵᠢᠭᠤᠯᠴᠢᠯᠠᠯ ᠤᠨ ᠤᠷᠠᠯᠢᠭ ᠤᠨ | ᠪᠠᠶᠠᠷ︾ ᠤᠨ ᠤᠷᠤᠭᠰᠢᠲᠠᠶ ᠶᠠᠪᠤᠭᠳᠠᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠭᠰᠠᠨ ᠪᠠᠶᠢᠨ᠎ᠠ᠃ |