ᠲᠦᠩᠯᠢᠶᠣᠤ ᠬᠤᠲᠠ ᠶᠢᠨ ᠵᠠᠷᠤᠳ ᠬᠤᠰᠢᠭᠤ ᠨᠢᠭᠡᠳᠦᠭᠡᠷ ᠤᠯᠠᠷᠢᠯ ᠳᠤ ᠭᠡᠷ᠎ᠡ ᠲᠣᠭᠲᠠᠭᠰᠠᠨ 3 ᠲᠥᠷᠥᠯ ᠵᠦᠢᠯ ᠢ ᠰᠢᠨ᠎ᠡ ᠪᠠᠷ ᠣᠷᠣᠭᠤᠯᠵᠤ ᠭᠡᠷ᠎ᠡ ᠲᠣᠭᠲᠠᠭᠰᠠᠨ ᠲᠤᠭ᠎ᠠ ᠨᠢ 6.3 ᠳ᠋ᠦᠩᠰᠢᠭᠤᠷ ᠲᠥᠭᠦᠷᠢᠭ ᠲᠤ ᠬᠦᠷᠪᠡ
ᠨᠡᠶᠢᠲᠡᠯᠡᠭᠰᠡᠨ ᠴᠠᠭ᠄
2016/4/12
     ᠨᠢᠭᠡᠳᠦᠭᠡᠷ ᠤᠯᠠᠷᠢᠯ ᠳᠤ᠂ ᠲᠤᠰ ᠬᠤᠰᠢᠭᠤ ᠭᠡᠷ᠎ᠡ ᠲᠣᠭᠲᠠᠭᠰᠠᠨ 3 ᠲᠥᠷᠥᠯ ᠵᠦᠢᠯ ᠢ ᠰᠢᠨ᠎ᠡ ᠪᠠᠷ ᠣᠷᠣᠭᠤᠯᠵᠤ᠂ ᠭᠡᠷ᠎ᠡ ᠲᠣᠭᠲᠠᠭᠰᠠᠨ ᠲᠤᠭ᠎ᠠ ᠨᠢ 6.3 ᠳ᠋ᠦᠩᠰᠢᠭᠤᠷ ᠲᠥᠭᠦᠷᠢᠭ ᠲᠤ ᠬᠦᠷᠪᠡ᠃ ᠲᠤᠰ ᠲᠤᠰ ᠪᠣᠯ ᠬᠦᠬᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ︵ᠪᠡᠭᠡᠵᠢᠩ︶᠎ ᠤᠨ ᠬᠢᠵᠠᠭᠠᠷᠲᠤ ᠺᠣᠮᠫᠠᠨᠢ ᠶᠢᠨ ᠢᠳᠡᠰᠢᠨ ᠬᠤᠨᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠲᠦᠷᠥᠯ ᠵᠦᠢᠯ᠄ ᠶᠡᠷᠦᠩᠬᠡᠶ ᠪᠡᠯᠡ ᠣᠷᠣᠭᠤᠯᠤᠯᠲᠠ ᠨᠢ 2 ᠳ᠋ᠦᠩᠰᠢᠭᠤᠷ ᠲᠥᠭᠦᠷᠢᠭ᠂ ᠢᠨᠲ᠋ᠧᠷ ᠰᠦᠯᠵᠢᠶ᠎ᠡ + ᠬᠤᠨᠢ + ᠮᠥᠩᠭᠦᠨ ᠭᠦᠢᠯᠭᠡᠭᠡᠨ ᠤ ᠡᠵᠡᠩᠨᠡᠯᠲᠡ ᠶᠢᠨ ᠵᠠᠭᠪᠤᠷᠰᠢᠯ ᠢ ᠠᠰᠢᠭᠯᠠᠨ᠂ 10 ᠲᠦᠮᠡᠨ ᠲᠣᠯᠣᠭᠠᠢ ᠡᠯ᠎ᠡ ᠲᠥᠷᠥᠯ ᠤᠨ ᠠᠯᠠᠰᠢᠨ ᠬᠤᠨᠢ ᠶᠢ ᠲᠡᠵᠢᠭᠡᠨ ᠦᠷᠡᠵᠢᠭᠦᠯᠬᠦ ᠪᠠᠷ ᠵᠢᠷᠤᠭᠯᠠᠨ ᠲᠦᠯᠦᠪᠯᠡᠪᠡ᠃ ᠪᠡᠭᠡᠵᠢᠩ ᠤᠨ ᠯᠦᠩ ᠱᠢ ᠬᠤᠩ ᠬᠤᠳᠠᠯᠳᠤᠭᠠᠨ ᠤ ᠺᠣᠮᠫᠠᠨᠢ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ᠄ ᠶᠡᠷᠦᠩᠬᠡᠶ ᠪᠡᠯᠡ ᠣᠷᠣᠭᠤᠯᠤᠯᠲᠠ ᠨᠢ 1.5 ᠳ᠋ᠦᠩᠰᠢᠭᠤᠷ ᠲᠥᠭᠦᠷᠢᠭ ᠤᠨ ᠦᠬᠡᠷ ᠬᠤᠨᠢᠨ ᠮᠢᠬ᠎ᠠ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠪᠣᠯᠣᠨ᠎ᠠ᠃ ᠪᠡᠭᠡᠵᠢᠩ ᠤᠨ ᠯᠦᠩ ᠱᠢ ᠬᠤᠩ ᠬᠤᠳᠠᠯᠳᠤᠭᠠᠨ ᠤ ᠺᠣᠮᠫᠠᠨᠢ ᠶᠢᠨ ᠰᠡᠯᠡᠭᠦᠴᠡᠯ ᠠᠮᠢ ᠠᠬᠤᠶ ᠶᠢᠨ ᠵᠢᠭᠤᠯᠴᠢᠯᠠᠯ ᠤᠨ ᠬᠦᠷᠢᠶᠡᠯᠡᠩ ᠤᠨ ᠲᠦᠷᠦᠯ ᠵᠦᠢᠯ᠄ ᠶᠡᠷᠦᠩᠬᠡᠶ ᠪᠡᠯᠡ ᠣᠷᠣᠭᠤᠯᠤᠯᠲᠠ ᠨᠢ 2.8 ᠳ᠋ᠦᠩᠰᠢᠭᠤᠷ ᠲᠥᠭᠦᠷᠢᠭ᠂ ᠵᠢᠯ ᠳᠤ 8 ᠲᠦᠮᠨ ᠠᠴᠠ ᠳᠡᠭᠡᠭᠰᠢ ᠵᠢᠭᠤᠯᠴᠢᠯᠠᠭᠴᠢᠳ ᠢ ᠤᠭᠲᠤᠨ ᠵᠣᠴᠢᠯᠠᠵᠤ ᠪᠣᠯᠤᠨ᠎ᠠ᠃ ᠡᠭᠦᠨ ᠠᠴᠠ ᠭᠠᠳᠠᠨ᠎ᠠ᠂ ᠶᠠᠭ ᠬᠡᠯᠡᠯᠴᠡᠭᠡᠷ ᠬᠢᠵᠦ ᠪᠠᠶᠢᠭ᠎ᠠ ᠲᠥᠷᠥᠯ ᠵᠦᠢᠯ 29 ᠪᠠᠶᠢᠵᠤ᠂ ᠡᠭᠦᠨ ᠳᠤ 8 ᠲᠦᠷᠤᠯ ᠵᠦᠢᠯ ᠢ ᠨᠢ ᠭᠤᠣᠯᠳᠠᠯᠭ᠎ᠠ ᠲᠠᠢ ᠬᠡᠯᠡᠯᠴᠡᠵᠦ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号