2016 ᠣᠨ ᠤ ᠪᠥᠬᠦ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠵᠠᠢ
ᠨᠡᠶᠢᠲᠡᠯᠡᠭᠰᠡᠨ ᠴᠠᠭ᠄
2016/4/13
     2016 ᠣᠨ ᠤ 4 ᠳ᠋ᠤᠭᠡᠷ ᠰᠠᠷ᠎ᠠ ᠶᠢᠨ 7᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ 2016 ᠣᠨ ᠤ ᠪᠥᠬᠦ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠢ ᠬᠥᠬᠡᠬᠤᠲᠠ ᠳᠤ ᠬᠤᠷᠠᠯᠳᠤᠭᠤᠯᠤᠭᠰᠠᠨ ᠪᠠᠶᠢᠨ᠎ᠠ᠃ ᠬᠤᠷᠠᠯ ᠤᠨ ᠭᠤᠣᠯ ᠠᠭᠤᠯᠭ᠎ᠠ ᠨᠢ᠄ 2016 ᠣᠨ ᠤ ᠪᠥᠬᠦ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠬᠢᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠪᠣᠯᠤᠨ ᠮᠣᠩᠭᠤᠯ ᠬᠢᠲᠠᠳ ᠡᠮ ᠡᠮᠨᠡᠯᠭᠡ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ 2015 ᠣᠨ ᠤ ᠪᠥᠬᠦ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠳ᠋ᠥᠡᠭᠨᠡᠪᠡ︔ ᠡᠯ᠎ᠡ ᠠᠶᠢᠮᠠᠭ ᠬᠤᠲᠠ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠳᠤ ᠬᠠᠷᠢᠭᠤ ᠮᠡᠳᠡᠭᠦᠯᠦᠯᠲᠡ ᠬᠢᠪᠡ︔ 2016 ᠣᠨ ᠤ ᠪᠥᠬᠦ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠵᠠᠶ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ ᠵᠦᠪᠯᠡᠯ ᠢ ᠬᠤᠪᠢᠳᠠᠨ ᠬᠠᠮᠢᠶᠠᠷᠴᠤ ᠪᠥᠬᠦᠢ ᠤᠳᠤᠷᠢᠳᠤᠯᠭ᠎ᠠ ᠤᠯᠠᠭᠠᠨ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠵᠠᠶ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠤᠨ ᠭᠠᠵᠠᠷ ᠤᠨ ᠳᠠᠷᠤᠭ᠎ᠠ ᠠᠴᠠ ᠪᠦᠬᠦ ᠤᠯᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠪᠦᠬᠦ ᠣᠷᠣᠨ ᠤ ᠡᠯ᠎ᠡ ᠠᠶᠢᠮᠠᠭ ᠬᠤᠲᠠ᠂ ᠲᠥᠯᠥᠪᠯᠡᠭᠡ ᠳᠤ ᠠᠰᠲᠠᠭᠠᠨ ᠵᠢᠭᠰᠠᠭᠠᠭᠰᠠᠨ ᠬᠤᠳᠠ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠤᠨ ᠬᠤᠪᠢᠳᠠᠨ ᠬᠠᠮᠢᠶᠠᠷᠴᠤ ᠪᠥᠬᠦᠢ ᠡᠷᠬᠢᠯᠡᠭᠴᠢ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠤᠨ ᠰᠠᠯᠠᠭᠠᠨ ᠳᠠᠷᠤᠭ᠎ᠠ᠂ ᠵᠦᠪᠯᠡᠯ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠬᠤᠪᠢᠳᠠᠨ ᠬᠠᠮᠢᠶᠠᠷᠴᠤ ᠪᠥᠬᠦᠢ ᠤᠳᠤᠷᠢᠳᠤᠯᠭ᠎ᠠ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号