2016 ᠣᠨ ᠤ ᠪᠦᠬᠦ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/4/13
     4 ᠳ᠋ᠦ᠋ᠭᠡᠷ ᠰᠠᠷ᠎ᠠ ᠶᠢᠨ 8᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠦᠪᠯᠡᠯ ᠤᠨ ᠠᠯᠪᠠᠨ ᠭᠡᠷ 2016 ᠣᠨ ᠤ ᠪᠦᠬᠦ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠤᠨ ᠬᠤᠷᠠᠯ ᠬᠢᠵᠦ᠂ ᠤᠯᠤᠰ ᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠬᠤᠯᠪᠣᠭᠳᠠᠯ ᠪᠦᠭᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠳᠦᠷᠢᠮ︾ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠦᠪᠯᠡᠯ ᠤᠨ ᠠᠯᠪᠠᠨ ᠭᠡᠷ ᠤᠨ 2016 ᠣᠨ ᠤ ᠠᠵᠢᠯ ᠤᠨ ᠭᠤᠤᠯᠳᠠᠯᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠢᠩᠬᠢᠮ ᠤᠨ 2016 ᠣᠨ ᠤ ᠠᠵᠢᠯ ᠤᠨ ᠭᠤᠤᠯᠳᠠᠯᠭ᠎ᠠ ᠶᠢᠨ ᠬᠤᠯᠪᠣᠭᠳᠠᠯ ᠪᠦᠬᠦᠢ ᠠᠭᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠳ᠋ᠦᠩᠨᠡᠯᠲᠡ ᠬᠢᠵᠦ᠂ ᠲᠤᠷᠰᠢᠯᠭ᠎ᠠ ᠪᠠᠨ ᠰᠣᠯᠢᠯᠴᠠᠵᠤ᠂ ᠪᠠᠶᠢᠳᠠᠯ ᠢ ᠰᠤᠳᠤᠯᠤᠨ ᠮᠠᠭᠠᠳᠯᠠᠵᠤ᠂  2016 ᠣᠨ ᠤ ᠠᠵᠢᠯ ᠤᠨ ᠡᠭᠦᠷᠭᠡ ᠶᠢ ᠪᠠᠶᠢᠷᠢᠯᠠᠭᠤᠯᠪᠠ᠃       ᠬᠤᠷᠠᠯ ᠠᠴᠠ ᠲᠤᠳᠤᠷᠬᠠᠶᠢᠯᠠᠭᠰᠠᠨ ᠨᠢ᠂ 2016 ᠣᠨ ᠳᠤ ᠮᠠᠨ ᠤ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠨᠢ ︽ᠰᠢᠨ᠎ᠡ ᠶᠢ ᠡᠭᠦᠳᠬᠦ᠂ ᠵᠣᠬᠢᠴᠠᠭᠤᠯᠬᠤ᠂ ᠪᠤᠬᠢᠷᠳᠤᠯ ᠦᠭᠡᠢ᠂ ᠨᠡᠭᠡᠭᠡᠯᠲᠡ ᠬᠢᠬᠦ᠂ ᠬᠠᠮᠲᠤ ᠪᠠᠷ ᠡᠳ᠋ᠯᠡᠬᠦ︾ ᠲᠠᠪᠤᠨ ᠶᠡᠭᠡ ᠬᠦᠭᠵᠢᠯᠲᠡ ᠶᠢᠨ ᠣᠨᠣᠯᠵᠢᠬᠤᠨ ᠢᠶᠠᠷ ᠬᠥᠲᠥᠯᠥᠨ ᠳᠠᠭᠠᠭᠤᠯᠵᠤ᠂ ︽ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ︾᠎ ᠪᠠᠷ ᠭᠤᠣᠯ ᠰᠢᠵᠢᠮ ᠪᠣᠯᠭᠠᠵᠤ᠂ ᠵᠠᠰᠠᠭ ᠤᠨ ᠬᠢᠨᠠᠯᠲᠠ᠂ ᠰᠤᠷᠭᠠᠭᠤᠯᠢ ᠶᠢᠨ ᠬᠢᠨᠠᠯᠲᠠ᠂ ᠦᠨᠡᠯᠡᠨ ᠰᠢᠯᠭᠠᠬᠤ ︽ᠭᠤᠷᠪᠠ ᠶᠢ ᠨᠢᠭᠡ ᠴᠤᠭᠴᠠᠵᠢᠭᠤᠯᠬᠤ︾ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠥᠬᠦ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠢ ᠤᠯᠠᠮ ᠨᠢᠭᠡ ᠠᠯᠬᠤᠮ ᠰᠠᠶᠢᠵᠢᠷᠠᠭᠤᠯᠤᠨ ᠴᠢᠩᠭᠠᠳᠬᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠤᠷᠭᠠᠨ ᠬᠥᠮᠦᠵᠢᠯ ᠢ ᠦᠨᠡᠯᠡᠨ ᠵᠢᠱᠢᠵᠦ ᠬᠢᠨᠠᠨ ᠰᠢᠯᠭᠠᠬᠤ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠢ ᠭᠦᠨᠵᠡᠭᠡᠶ᠂ ᠨᠠᠷᠢᠨ ᠨᠢᠭᠲᠠ᠂ ᠴᠢᠩᠭ᠎ᠠ ᠨᠢᠮᠪᠠᠢ᠂ ᠰᠠᠶᠢᠲᠤᠷ ᠬᠢᠵᠦ᠂ ᠪᠦᠬᠦ ᠣᠷᠣᠨ ᠤ ᠰᠤᠷᠭᠠᠨ ᠬᠥᠮᠦᠵᠢᠯ ᠤᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠬᠠᠮᠠᠭᠠᠯᠠᠬᠤ ᠬᠡᠷᠡᠭᠲᠡᠢ ᠭᠡᠪᠡ᠃      ᠬᠤᠷᠠᠯ ᠳᠡᠭᠡᠷ᠎ᠡ᠂ 2015 ᠣᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠦᠨᠳᠦᠰᠦᠨ ᠲᠡᠭᠡᠨ ᠲᠡᠩᠴᠡᠭᠦᠷᠢᠲᠡᠶ ᠰᠢᠶᠡᠨ ᠢᠶᠠᠷ ᠮᠠᠭᠠᠳᠯᠠᠨ ᠲᠣᠭᠲᠠᠭᠠᠭᠰᠠᠨ 25 ᠬᠤᠰᠢᠭᠤ ᠰᠢᠶᠠᠨ ︵ᠬᠤᠳᠠ᠂ ᠲᠣᠭᠤᠷᠢᠭ︶᠎ ᠳᠤ ᠢᠯᠡᠷᠡᠬᠡᠶᠢᠯᠡᠯ ᠤᠯᠭᠤᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ 2016 ᠣᠨ ᠳᠤ᠂ ᠮᠠᠨ ᠤ ᠣᠷᠣᠨ ᠤ ᠰᠤᠷᠭᠠᠨ ᠬᠥᠮᠦᠵᠢᠯ ᠤᠨ ᠣᠳᠣᠬᠢᠴᠢᠯᠠᠯᠲᠠ ᠪᠦᠬᠦ ᠲᠠᠯ᠎ᠠ ᠪᠠᠷ ᠠᠬᠢᠬᠤ ᠱᠠᠲᠤᠨ ᠳᠤ ᠣᠷᠣᠵᠤ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠳᠤ ᠥᠭᠡᠷᠡᠴᠢᠯᠡᠯᠲᠡ᠂ ᠬᠦᠭᠵᠢᠯᠲᠡ᠂ ᠰᠢᠨ᠎ᠡ ᠶᠢ ᠡᠭᠦᠳᠬᠦ ᠵᠡᠷᠭᠡ ᠴᠢᠬᠤᠯᠠ ᠶᠡᠭᠡ ᠠᠰᠠᠭᠤᠳᠠᠯ ᠲᠤᠯᠭᠠᠷᠠᠵᠤ ᠰᠤᠳᠤᠯᠤᠨ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ ᠬᠥᠭᠵᠢᠯᠲᠡ ᠶᠢᠨ ᠰᠢᠨ᠎ᠡ ᠤᠨᠤᠯᠵᠢᠬᠤᠨ ᠢ ᠪᠤᠢ ᠪᠤᠯᠭᠠᠨ ᠪᠠᠬᠢᠵᠢᠭᠦᠯᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠵᠠᠰᠠᠭ ᠤᠨ ᠬᠢᠨᠠᠯᠲᠠ ᠪᠠ ᠰᠤᠷᠭᠠᠭᠤᠯᠢ ᠶᠢᠨ ᠬᠢᠨᠠᠯᠲᠠ ᠶᠢ ᠵᠡᠷᠭᠡᠪᠡᠷ ᠴᠢᠬᠤᠯᠠᠴᠢᠯᠠᠵᠤ᠂ ᠬᠢᠨᠠᠯᠲᠠ ᠲᠠᠯᠪᠢᠬᠤ ᠪᠠ ᠬᠢᠨᠠᠨ ᠵᠢᠯᠤᠭᠤᠳᠬᠤ ᠬᠤᠤᠰᠠᠯᠠᠭᠤᠯᠤᠨ ᠶᠠᠪᠤᠭᠤᠯᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠡᠷᠴᠢᠮ ᠬᠦᠴᠦᠨ ᠪᠠ ᠢᠲᠡᠭᠡᠭᠦᠯᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ︔ ᠵᠣᠷᠢᠭᠲᠠᠶ ᠪᠠᠷ ᠰᠢᠨ᠎ᠡ ᠶᠢ ᠡᠭᠦᠳᠴᠦ᠂ ᠪᠣᠬᠢᠷᠲᠤᠯ ᠦᠭᠡᠢ ᠬᠢᠨᠠᠨ ᠵᠢᠯᠣᠭᠤᠳᠬᠤ ᠶᠢ ᠦᠢᠯᠡᠳᠦᠯᠭᠡᠵᠢᠭᠦᠯᠬᠦ ᠬᠡᠷᠡᠭᠲᠡᠢ︔ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠬᠢᠨᠠᠨ ᠵᠢᠯᠣᠭᠤᠳᠬᠤ ᠠᠮᠢᠵᠢᠷᠠᠯ ᠤᠨ ᠬᠦᠴᠦᠨ ᠢ ᠬᠦᠭᠵᠢᠭᠡᠬᠦ ᠬᠡᠷᠡᠭᠲᠡᠢ︔ ᠨᠡᠭᠡᠭᠡᠯᠳᠡ ᠬᠢᠵᠦ ᠬᠠᠮᠲᠤᠪᠠᠷ ᠡᠳ᠋ᠯᠡᠵᠦ᠂ ᠬᠢᠨᠠᠨ ᠵᠢᠯᠣᠭᠤᠳᠬᠤ ᠨᠡᠶᠢᠯᠡᠮᠡᠯ ᠬᠦᠴᠦᠨ ᠢ ᠪᠤᠢ ᠪᠤᠯᠭᠠᠬᠤ ᠬᠡᠷᠡᠭᠲᠡᠢ︔ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠵᠦ᠂ ᠦᠨᠡᠨ ᠬᠦ ᠠᠮᠵᠢᠯᠲᠠ ᠪᠦᠲᠦᠭᠡᠯ ᠭᠠᠷᠭᠠᠬᠤ ᠬᠡᠷᠡᠭᠲᠡᠢ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠦᠭᠵᠢᠭᠦᠯᠬᠦ ᠪᠠᠷ ᠭᠤᠤᠯᠳᠠᠯᠭ᠎ᠠ ᠪᠤᠯᠭᠠᠨ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠪᠠᠷ ᠴᠢᠬᠤᠯᠠ ᠭᠠᠷᠳᠠᠴᠠ ᠪᠣᠯᠭᠠᠨ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠰᠠᠶᠢᠨ ᠰᠠᠶᠢᠬᠠᠨ ᠠᠮᠢ ᠠᠬᠤᠢ ᠶᠢ ᠴᠢᠷᠮᠠᠶᠢᠨ ᠪᠠᠶᠢᠭᠤᠯᠵᠤ᠂ ᠠᠷᠠᠳ ᠲᠦᠮᠡᠨ ᠬᠠᠨᠤᠮᠵᠢᠲᠠᠶ ᠰᠤᠷᠭᠠᠨ ᠬᠦᠮᠦᠵᠢᠯ ᠢ ᠰᠠᠶᠢᠲᠤᠷ ᠡᠷᠬᠢᠯᠡᠬᠦ ᠬᠡᠷᠡᠭᠲᠡᠢ ᠭᠡᠪᠡ᠃      ᠬᠤᠷᠠᠯᠳᠤᠭᠠᠨ ᠨᠢ ᠪᠠᠰᠠ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠵᠢᠴᠢ ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠫᠠᠶᠢᠰᠠ ᠡᠯᠭᠦᠨ ᠬᠢᠨᠠᠨ ᠵᠢᠯᠣᠭᠤᠳᠬᠤ ᠬᠠᠷᠢᠭᠤᠴᠠᠯᠭ᠎ᠠ ᠲᠠᠢ ᠰᠤᠷᠭᠠᠭᠤᠯᠢ ᠶᠢᠨ ᠬᠢᠨᠠᠯᠲᠠ ᠶᠢᠨ ᠰᠢᠨ᠎ᠡ ᠶᠢ ᠡᠭᠦᠳᠦᠭᠰᠡᠨ ᠰᠢᠶᠠᠨ ︵ᠬᠤᠳᠠ᠂ ᠲᠣᠭᠤᠷᠢᠭ︶ ᠲᠤᠷᠰᠢᠯᠭ᠎ᠠ ᠪᠠᠨ ᠰᠤᠯᠢᠯᠴᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠫᠠᠶᠢᠰᠠ ᠡᠯᠭᠦᠨ ᠬᠢᠨᠠᠨ ᠵᠢᠯᠣᠭᠤᠳᠬᠤ ᠬᠠᠷᠢᠭᠤᠴᠠᠯᠭ᠎ᠠ ᠲᠠᠢ ᠰᠤᠷᠭᠠᠭᠤᠯᠢ ᠶᠢᠨ ᠬᠢᠨᠠᠯᠲᠠ ᠶᠢᠨ ᠰᠢᠨ᠎ᠡ ᠶᠢ ᠡᠭᠦᠳᠦᠭᠰᠡᠨ ᠰᠢᠶᠠᠨ ︵ᠬᠤᠳᠠ᠂ ᠲᠣᠭᠤᠷᠢᠭ︶᠎ ᠢ ᠦᠨᠡᠯᠡᠬᠦ ᠲᠥᠰᠦᠯ ᠪᠠ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠢᠨᠵᠧᠨᠧᠷᠢᠩ ᠤᠨ ᠦᠨᠡᠯᠡᠨ ᠵᠢᠱᠢᠵᠦ ᠰᠢᠯᠭᠠᠨ ᠠᠪᠬᠤ ᠪᠠᠷᠢᠮᠵᠢᠶ᠎ᠠ ᠶᠢ ᠳᠤᠭᠤᠶᠢᠯᠠᠩ ᠬᠤᠪᠢᠶᠠᠨ ᠶᠠᠷᠢᠯᠴᠠᠪᠠ᠃ ᠡᠴᠦᠰ ᠲᠤ᠂ ᠰᠤᠷᠭᠠᠨ ᠬᠥᠮᠦᠵᠢᠯ ᠤᠨ ᠲᠢᠩᠬᠢᠮ ᠤᠨ ᠬᠢᠨᠠᠨ ᠵᠢᠯᠣᠭᠤᠳᠬᠤ ᠭᠡᠷ ᠤᠨ ᠵᠠᠩ ᠷᠦᠨ ᠾᠧᠦ ᠡᠷᠬᠢᠯᠡᠭᠴᠢ 2016 ᠣᠨ ᠤ ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠡ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号