26 ᠳ᠋ᠤᠭᠠᠷ ᠬᠤᠭᠤᠴᠠᠭᠠᠨ ᠤ ᠪᠦᠬᠦ ᠤᠯᠤᠰ ᠤᠨ ᠨᠣᠮ ᠪᠢᠴᠢᠭ ᠤᠨ ᠠᠷᠠᠯᠵᠢᠶᠠᠨ ᠤ ᠴᠤᠭᠯᠠᠭᠠᠨ ᠢ ᠪᠤᠭᠤᠲᠤ ᠳᠤ ᠡᠷᠬᠢᠯᠡᠪᠡ
ᠨᠡᠶᠢᠲᠡᠯᠡᠭᠰᠡᠨ ᠴᠠᠭ᠄
2016/4/13
                          ᠨᠡᠶᠢᠲᠡᠯᠡᠬᠦ ᠬᠤᠷᠠᠯ ᠤᠨ ᠠᠬᠤᠢ ᠲᠠᠯᠠᠪᠠᠢ      ᠲᠤᠰ ᠡᠳᠦᠷ᠂ 26 ᠳ᠋ᠤᠭᠠᠷ ᠬᠤᠭᠤᠴᠠᠭᠠᠨ ᠤ ᠨᠣᠮ ᠪᠢᠴᠢᠭ ᠤᠨ ᠴᠤᠭᠯᠠᠭᠠᠨ ᠤ ᠪᠦᠬᠦ ᠠᠷᠠᠳ ᠢᠶᠠᠷ ᠢᠶᠠᠨ ᠨᠣᠮ ᠤᠩᠰᠢᠬᠤ ᠠᠵᠢᠯᠯᠠᠭ᠎ᠠ᠂ ︽ᠨᠣᠮ ᠪᠣᠶᠠᠨ ᠬᠤᠷᠠᠭᠰᠠᠨ ᠥᠪᠥᠷ ᠮᠣᠩᠭᠤᠯ· ᠥᠩᠭᠡ ᠢᠯᠭᠠᠷᠠᠭᠰᠠᠨ ᠦᠵᠡᠮᠵᠢᠲᠦ ᠣᠷᠣᠨ︾ 2016 ᠣᠨ ᠤ ᠲᠠᠯ᠎ᠠ ᠨᠤᠲᠤᠭ ᠤᠨ  ᠨᠣᠮ ᠤᠩᠰᠢᠬᠤ ᠤᠯᠠᠷᠢᠯ ᠤᠨ ᠠᠵᠢᠯᠯᠠᠭ᠎ᠠ᠂ ᠪᠤᠭᠤᠲᠤ ᠶᠢᠨ ︽ᠪᠣᠭᠤᠲᠣ ᠬᠤᠲᠠ ᠶᠢᠨ ᠨᠣᠮ ᠤᠩᠰᠢᠬᠤ ᠪᠠᠶᠠᠷ︾᠎ ᠤᠨ ᠠᠵᠢᠯᠯᠠᠭ᠎ᠠ ᠴᠤ ᠵᠡᠷᠭᠡᠪᠡᠷ ᠡᠬᠢᠯᠡᠪᠡ᠃      ᠲᠤᠰ ᠬᠤᠭᠤᠴᠠᠭᠠᠨ ᠤ ᠨᠣᠮ ᠪᠢᠴᠢᠭ ᠤᠨ ᠴᠤᠭᠯᠠᠭᠠᠨ ᠢ ᠤᠯᠤᠰ ᠤᠨ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠠᠮᠲᠤᠷᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ᠂ ᠪᠤᠭᠤᠲᠤ ᠬᠤᠲᠠ ᠶᠢᠨ ᠵᠠᠰᠠᠭ ᠤᠨ ᠣᠷᠳᠣᠨ᠂ ᠳᠤᠮᠳᠠᠳᠤ ᠤᠯᠤᠰ ᠤᠨ ᠬᠡᠪᠯᠡᠯ ᠤᠨ ᠨᠡᠶᠢᠭᠡᠮᠯᠢᠭ᠂ ᠳᠤᠮᠳᠠᠳᠤ ᠤᠯᠤᠰ ᠤᠨ ᠨᠣᠮ ᠰᠡᠳᠬᠦᠯ ᠲᠠᠷᠬᠠᠭᠠᠬᠤ ᠦᠢᠯᠡᠰ ᠤᠨ ᠨᠡᠶᠢᠭᠡᠮᠯᠢᠭ ᠬᠠᠮᠲᠤᠪᠠᠷ ᠳᠠᠭᠠᠭᠠᠴᠢᠯᠠᠨ ᠡᠷᠬᠢᠯᠡᠵᠡᠢ᠃ ᠨᠣᠮ ᠪᠢᠴᠢᠭ ᠤᠨ  ᠴᠤᠭᠯᠠᠭᠠᠨ ᠤ ᠬᠤᠭᠤᠴᠠᠭᠠᠨ ᠳᠤ᠂ ᠤᠩᠰᠢᠭᠴᠢᠳ ᠶᠡᠭᠡ ᠬᠤᠷᠠᠯ ᠂ ︽ᠳᠤᠮᠳᠠᠳᠤ ᠶᠢᠨ ᠬᠡᠪᠯᠡᠯ ᠤᠨ ᠲᠤᠶᠠᠭᠠᠷᠠᠯ︾ ᠭᠡᠬᠦ ᠦᠵᠡᠭᠦᠯᠦᠯᠭᠡ᠂ ︽ᠨᠣᠮ ᠪᠢᠴᠢᠭ ᠤᠨ ᠴᠤᠭᠯᠠᠭᠠᠨ ᠳᠤ ᠬᠦᠷᠴᠦ ·  ᠪᠣᠭᠤᠲᠤ ᠬᠤᠲᠠ ᠶᠢ ᠪᠠᠭ᠋ᠠᠷᠬᠠᠨ ᠰᠣᠨᠢᠷᠠᠬᠬᠤ︾ ᠵᠡᠷᠭᠡ ᠠᠵᠢᠯᠯᠠᠭ᠎ᠠ ᠶᠢ ᠦᠷᠨᠢᠭᠦᠯᠬᠦ ᠶᠢᠨ ᠬᠠᠮᠲᠤ ︽ᠤᠯᠠᠭᠠᠨ ᠰᠠᠭᠤᠳᠠᠯᠳᠤ ᠰᠤᠷᠪᠤᠯᠵᠢᠯᠠᠭ᠎ᠠ︾᠂ ︽ᠲᠠᠯ᠎ᠠ ᠨᠤᠲᠤᠭ ᠤᠨ ᠲᠣᠷᠭᠠᠨ ᠵᠠᠮ︾ ᠭᠡᠬᠦ ᠵᠢᠷᠤᠭ ᠪᠦᠲᠦᠭᠡᠯ ᠤᠨ ᠦᠵᠡᠭᠦᠯᠦᠯᠭᠡ᠂ ᠥᠪᠥᠷ ᠮᠣᠩᠭᠤᠯ ᠤᠨ ᠰᠣᠶᠣᠯ ᠢ ᠭᠠᠶᠢᠬᠠᠭᠤᠯᠤᠭᠰᠠᠨ ᠲᠣᠭᠯᠠᠯᠲᠠ ᠵᠡᠷᠭᠡ ᠠᠵᠢᠯᠯᠠᠭ᠎ᠠ ᠨᠤᠭᠤᠳ ᠢ ᠶᠠᠪᠤᠭᠳᠠᠭᠤᠯᠤᠨ᠎ᠠ᠃      ᠤᠯᠤᠰ ᠤᠨ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠳᠡᠳ᠋ ᠳᠠᠷᠤᠭ᠎ᠠ ᠶᠠᠨ ᠰᠢᠶᠤᠤ ᠬᠤᠩ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠴᠤᠭᠯᠠᠭᠠᠨ ᠤ ᠠᠭᠤᠯᠭ᠎ᠠ ᠳᠤ ᠪᠠᠨ ᠡᠨᠡ ᠵᠢᠯ ᠪᠣᠯ ᠡᠪ ᠬᠠᠮᠲᠤ ᠨᠠᠮ ᠪᠠᠶᠢᠭᠤᠯᠤᠭᠳᠠᠭᠰᠠᠨ 95 ᠵᠢᠯ ᠤᠨ ᠤᠢ ᠪᠣᠯᠣᠨ ᠤᠷᠳᠦ ᠵᠠᠮ ᠤᠨ ᠠᠶᠠᠨ ᠲᠠᠶᠢᠨ ᠤ ᠢᠯᠠᠯᠲᠠ ᠣᠯᠣᠭᠰᠠᠨ 80 ᠵᠢᠯ ᠤᠨ ᠣᠶ ᠪᠣᠯᠬᠤ ᠭᠤᠣᠯ ᠰᠡᠳᠦᠪ ᠢ ᠳᠣᠪᠣᠶᠢᠯᠭᠠᠵᠤ᠂ ︽ᠨᠣᠮ︾᠎ ᠢᠶᠠᠷ ᠭᠤᠣᠯ ᠰᠢᠵᠢᠮ ᠪᠣᠯᠭᠠᠵᠤ᠂ ︽ᠬᠥᠮᠦᠨ︾᠎ ᠢᠶᠠᠷ ᠭᠤᠣᠯ ᠴᠣᠭᠴᠠ ᠪᠣᠯᠭᠠᠨ᠂ ᠴᠢᠨᠠᠷ ᠴᠢᠨᠰᠠᠭ᠎ᠠ ᠲᠠᠢ᠂ ᠨᠥᠯᠥᠭᠡ ᠶᠡᠭᠡ ᠲᠠᠢ᠂ ᠣᠯᠠᠨ ᠲᠦᠮᠡᠨ ᠤ ᠳᠤᠷ᠎ᠠ ᠪᠠᠬ᠎ᠠ ᠶᠢ ᠲᠠᠲᠠᠭᠰᠠᠨ ᠠᠯᠳᠠᠷᠲᠤ ᠬᠥᠮᠦᠰ ᠢ ᠢᠯᠡᠭᠦᠬᠡᠨ ᠤᠷᠢᠬᠤ ᠬᠡᠷᠡᠭᠲᠡᠢ᠃ ᠡᠭᠦᠨ ᠤ ᠬᠠᠮᠲᠤ ᠲᠥᠪ ᠬᠤᠷᠢᠶ᠎ᠠ ᠶᠢᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠪᠣᠯᠣᠨ ᠠᠷᠪᠢᠯᠠᠨ ᠭᠠᠮᠨᠠᠬᠤ ᠲᠣᠬᠠᠢ ᠲᠣᠭᠲᠠᠭᠠᠯ ᠤᠳ ᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠪᠡᠯᠡᠳᠬᠡᠯ ᠠᠵᠢᠯ ᠢᠶᠠᠨ ᠤᠩᠰᠢᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠬᠤ ᠡᠭᠦᠰᠴᠡ ᠪᠣᠯᠣᠨ ᠬᠠᠷᠠᠯᠲᠠ ᠪᠠᠨ ᠪᠣᠯᠭᠠᠬᠤ ᠬᠡᠷᠡᠭᠲᠡᠶ ᠭᠡᠪᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢᠦ ᠰᠢᠨ ᠯᠧ  ᠬᠡᠯᠡᠭᠰᠡᠨ ᠨᠢ ᠂ 26 ᠳ᠋ᠤᠭᠠᠷ ᠬᠤᠭᠤᠴᠠᠭᠠᠨ ᠤ ᠪᠦᠬᠦ ᠤᠯᠤᠰ ᠤᠨ ᠨᠣᠮ ᠪᠢᠴᠢᠭ ᠤᠨ ᠠᠷᠠᠯᠵᠢᠶᠠᠨ ᠤ ᠴᠤᠭᠯᠠᠭᠠᠨ ᠢ ᠡᠷᠬᠢᠯᠡᠭᠰᠡᠨ ᠎ ᠨᠢ ᠥᠪᠥᠷ ᠮᠣᠩᠭᠤᠯ ᠤᠨ ᠥᠪᠡᠷᠮᠢᠴᠡ ᠣᠨᠴᠠᠯᠢᠭ ᠲᠠᠢ ᠲᠠᠯ᠎ᠠ ᠨᠤᠲᠤᠭ ᠤᠨ ᠰᠣᠶᠣᠯ ᠢ ᠳᠡᠯᠭᠡᠨ ᠦᠵᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠮᠵᠢ ᠶᠢᠨ ᠬᠢᠷᠢ  ᠲᠥᠪᠰᠢᠨ ᠢ ᠳᠡᠭᠡᠭᠰᠢᠯᠡᠭᠦᠯᠬᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠣᠯᠳᠠᠬᠤᠶ᠎ᠠ ᠪᠡᠷᠬᠡ ᠠᠵᠠ ᠲᠣᠬᠢᠶᠠᠯ ᠣᠯᠭᠤᠵᠠᠢ᠃ ᠲᠤᠰ ᠬᠤᠭᠤᠴᠠᠭᠠᠨ ᠤ ᠨᠣᠮ ᠪᠢᠴᠢᠭ ᠤᠨ ᠴᠤᠭᠯᠠᠭᠠᠨ ᠨᠢ ︽ᠭᠤᠷᠪᠠᠨ ᠤᠮᠠᠷᠠᠲᠤ︾᠎ ᠶᠢ ᠰᠣᠨᠳᠠᠯᠠᠵᠤ ᠤᠷᠤᠰ ᠮᠣᠩᠭᠤᠯ ᠢ ᠵᠤᠯᠭᠠᠯᠳᠤᠭᠤᠯᠤᠭᠰᠠᠨ ᠬᠡᠪᠯᠡᠭᠳᠡᠭᠦᠨ ᠢᠶᠠᠨ  ᠰᠣᠯᠢᠯᠴᠠᠨ ᠠᠷᠠᠯᠵᠢᠶᠠᠯᠠᠬᠤ ᠲᠠᠪᠴᠠᠩ ᠢ ᠪᠠᠶᠢᠭᠤᠯᠵᠤ᠂ ᠲᠠᠯ᠎ᠠ ᠨᠤᠲᠤᠭ ᠤᠨ ᠥᠨᠢ ᠤᠳᠠᠭᠠᠨ ᠭᠦᠨ ᠵᠤᠵᠠᠭᠠᠨ  ᠰᠣᠶᠣᠯ ᠢ ᠭᠦᠢᠴᠡᠳ ᠠᠭᠤᠳᠠᠯᠤᠨ ᠰᠣᠶᠣᠯ ᠤᠨ ᠬᠡᠷᠡᠭᠯᠡᠭᠡᠨ ᠤ ᠡᠬᠢ ᠰᠤᠷᠪᠤᠯᠵᠢ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠡᠪᠯᠡᠭᠳᠡᠬᠦᠨ ᠤ ᠨᠥᠯᠥᠭᠡᠯᠡᠨ ᠵᠢᠯᠣᠭᠤᠳᠬᠤ ᠦᠢᠯᠡᠳᠦᠯ ᠢ ᠬᠦᠴᠦᠯᠡᠨ ᠴᠢᠩᠭᠠᠷᠠᠭᠤᠯᠵᠤ᠂ ᠡᠩ ᠤᠨ ᠠᠮᠢᠳᠤᠷᠠᠯ ᠳᠤᠮᠳᠠ ᠠᠷᠠᠳ ᠨᠡᠶᠢᠲᠡ ᠪᠠᠷ ᠢᠶᠠᠨ ᠢᠯᠡᠭᠦᠬᠡᠨ ᠨᠣᠮ ᠣᠩᠰᠢᠬᠤ ᠶᠢ ᠲᠦᠯᠬᠢᠨ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号