26 ᠳ᠋ᠤᠭᠠᠷ ᠬᠤᠭᠤᠴᠠᠭᠠᠨ ᠤ ᠪᠦᠬᠦ ᠤᠯᠤᠰ ᠤᠨ ᠨᠣᠮ ᠪᠢᠴᠢᠭ ᠤᠨ ᠠᠷᠠᠯᠵᠢᠶᠠᠨ ᠤ ᠴᠤᠭᠯᠠᠭᠠᠨ ᠳᠤ 300 ᠨᠡᠷᠡᠰ ᠰᠠᠶᠢᠨ ᠳᠤᠷᠠᠴᠤᠳ ᠦᠢᠯᠡᠴᠢᠯᠡᠵᠦ ᠪᠣᠢ
ᠨᠡᠶᠢᠲᠡᠯᠡᠭᠰᠡᠨ ᠴᠠᠭ᠄
2016/4/13
        ᠪᠦᠯᠬᠦᠮ ᠤᠨ ᠳᠠᠷᠤᠭ᠎ᠠ ᠵᠣᠣ ᠱᠦᠸᠠᠢ ᠪᠠ ᠰᠠᠶᠢᠨ ᠳᠣᠷᠠᠴᠣᠳ ᠤᠨ ᠠᠵᠢᠯ ᠢ ᠵᠣᠬᠢᠴᠠᠭᠤᠯᠵᠤ ᠪᠠᠶᠢᠨ᠎ᠠ      4 ᠳ᠋ᠦ᠋ᠭᠡᠷ ᠰᠠᠷ᠎ᠠ ᠶᠢᠨ 11᠎ ᠤ ᠡᠳᠦᠷ᠂ 26 ᠳ᠋ᠤᠭᠠᠷ ᠬᠤᠭᠤᠴᠠᠭᠠᠨ ᠤ ᠪᠦᠬᠦ ᠤᠯᠤᠰ ᠤᠨ ᠨᠣᠮ ᠪᠢᠴᠢᠭ ᠤᠨ ᠠᠷᠠᠯᠵᠢᠶᠠᠨ ᠤ ᠴᠤᠭᠯᠠᠭᠠᠨ ︵ᠳᠣᠷᠣᠭᠰᠢ ᠨᠣᠮ ᠤᠨ ᠴᠤᠭᠯᠠᠭᠠᠨ ᠭᠡᠵᠦ ᠲᠣᠪᠴᠢᠯᠠᠨ᠎ᠠ︶᠎ ᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠵᠣᠴᠢᠳ ᠲᠤᠰ ᠬᠤᠭᠤᠴᠠᠭᠠᠨ ᠤ ᠨᠣᠮ ᠪᠢᠴᠢᠭ ᠤᠨ ᠠᠷᠠᠯᠵᠢᠶᠠᠨ ᠤ ᠴᠤᠭᠯᠠᠭᠠᠨ ᠤ ᠭᠤᠣᠯ ᠬᠤᠷᠠᠯ ᠤᠨ ᠲᠠᠯᠠᠪᠠᠢ ᠶᠢᠨ ᠪᠠᠶᠢᠭ᠎ᠠ ᠭᠠᠵᠠᠷ ᠊᠊᠊᠊᠊᠊᠊᠊᠊᠊᠊᠊᠊ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠳᠤ ᠬᠦᠷᠦᠯᠴᠡᠨ ᠢᠷᠡᠵᠡᠭᠡᠪᠡ᠃ ᠲᠡᠷᠭᠡᠨ ᠦᠷᠳᠡᠭᠡ᠂ ᠨᠢᠰᠬᠡᠯ ᠤᠨ ᠪᠠᠭᠤᠳᠠᠯ᠂ ᠬᠤᠷᠠᠯ ᠤᠨ ᠲᠠᠯᠠᠪᠠᠢ᠂ ᠰᠠᠭᠤᠭ᠎ᠠ ᠭᠠᠵᠠᠷ᠂ ᠵᠣᠴᠢᠳ ᠬᠠᠷᠠᠭᠳᠠᠬᠤ ᠭᠠᠵᠠᠷ ᠪᠦᠬᠦᠨ ᠳᠤ ᠤᠯᠠᠭᠠᠨ ᠥᠩᠭᠡ ᠶᠢᠨ ᠬᠤᠪᠴᠠᠰᠤ ᠲᠠᠢ ᠰᠠᠶᠢᠨ ᠳᠤᠷᠠᠴᠤᠳ ᠲᠠᠢ ᠳᠣᠬᠢᠶᠠᠯᠳᠤᠬᠤ ᠪᠣᠯᠤᠨ᠎ᠠ᠃      ᠨᠣᠮ ᠪᠢᠴᠢᠭ ᠤᠨ ᠦᠵᠡᠭᠦᠯᠦᠯᠭᠡ ᠶᠢᠨ ᠬᠤᠭᠤᠴᠠᠭᠠᠨ ᠳᠤ᠂ 300 ᠨᠡᠷᠡᠰ ᠰᠠᠶᠢᠨ ᠳᠤᠷᠠᠴᠤᠳ ᠦᠢᠯᠡᠴᠢᠯᠡᠭᠡ ᠬᠠᠩᠭᠠᠬᠤ ᠪᠠᠷ ᠪᠣᠯᠵᠤ᠂ ᠣᠳᠣᠬᠠᠨ ᠳᠤ ᠨᠡᠷ᠎ᠡ ᠮᠡᠳᠡᠭᠦᠯᠬᠦ ᠠᠵᠢᠯ ᠨᠢᠭᠡᠨᠲᠡ ᠳᠠᠭᠤᠰᠪᠠ᠃ ᠭᠡᠲᠡᠯ᠎ᠡ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠬᠤᠭᠤᠴᠠᠭᠠᠨ ᠳᠤ᠂ 50 ᠨᠡᠷᠡᠰ ᠰᠠᠶᠢᠨ ᠳᠤᠷᠠᠴᠤᠳ ︽ᠬᠤᠰᠢᠭᠤᠴᠢ ᠠᠩᠭᠢ︾ ᠪᠣᠯᠵᠤ᠂ ᠦᠢᠯᠡᠴᠢᠯᠡᠭᠡᠨ ᠤ ᠪᠠᠶᠢᠳᠠᠯ ᠳᠤ ᠤᠷᠢᠳᠴᠢᠯᠠᠨ ᠣᠷᠤᠭᠰᠠᠨ ᠪᠠᠶᠢᠨ᠎ᠠ᠃      ᠡᠳᠡᠭᠡᠷ 50 ᠨᠡᠷᠡᠰ ᠰᠠᠶᠢᠨ ᠳᠤᠷᠠᠴᠤᠳ ᠪᠦᠷ ᠥᠪᠥᠷ ᠮᠣᠩᠭᠤᠯ ᠤᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠢᠷᠡᠵᠦ᠂ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠬᠤᠭᠤᠴᠠᠭᠠᠨ ᠳᠤ᠂ ᠲᠡᠳᠡ ᠬᠤᠷᠠᠯ ᠤᠨ ᠶᠠᠪᠤᠳᠠᠯ ᠤᠨ ᠳᠤᠭᠤᠶᠢᠯᠠᠩ ᠢ ᠬᠠᠪᠰᠤᠷᠤᠨ ᠬᠤᠷᠠᠯ ᠳᠤ ᠣᠷᠣᠯᠴᠠᠭᠰᠠᠨ 300 ᠭᠠᠷᠤᠶ ᠵᠣᠴᠢᠳ ᠤᠨ ᠤᠭᠲᠤᠵᠤ ᠬᠦᠷᠭᠡᠬᠦ᠂ ᠢᠳᠡᠭᠡᠨ ᠤᠮᠳᠠᠭᠠᠨ᠂ ᠲᠡᠷᠭᠡ ᠬᠥᠰᠬᠡ ᠵᠡᠷᠭᠡ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃      ᠥᠪᠴᠢ ᠪᠡᠶ᠎ᠡ ᠳᠦᠷᠢᠮᠲᠦ ᠬᠤᠪᠴᠠᠰᠤ ᠡᠮᠦᠰᠦᠭᠰᠡᠨ ᠵᠣᠣ ᠱᠦᠸᠠᠢ ᠪᠣᠯ ᠥᠪᠥᠷ ᠮᠣᠩᠭᠤᠯ ᠤᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠢᠭᠡᠳᠦᠭᠡᠷ ᠣᠨ ᠤ ᠣᠶᠤᠲᠠᠨ᠂ ᠲᠡᠷᠡ ᠪᠣᠯ ᠡᠨᠡᠬᠦ 50 ᠨᠡᠷᠡᠰ ᠰᠠᠶᠢᠨ ᠳᠤᠷᠠᠴᠤᠳ ᠤᠨ ᠪᠦᠯᠬᠦᠮ ᠳᠠᠷᠤᠭ᠎ᠠ ᠪᠣᠯᠤᠨ᠎ᠠ᠃ ᠵᠣᠣ ᠱᠦᠸᠠᠢ ᠰᠤᠷᠭᠠᠭᠤᠯᠢ ᠶᠢᠨ ᠰᠤᠷᠤᠭᠴᠢᠳ ᠤᠨ ᠵᠥᠪᠯᠡᠯ ᠪᠠ ᠨᠡᠶᠢᠭᠡᠮ ᠤᠨ ᠪᠦᠯᠬᠦᠮ ᠤᠨ ᠬᠤᠯᠪᠣᠭᠠᠲᠤ ᠬᠤᠷᠠᠯ ᠳᠤ ᠲᠤᠰᠢᠶᠠᠯ ᠬᠠᠷᠢᠭᠤᠴᠠᠵᠤ ᠪᠠᠶᠢᠭ᠎ᠠ ᠪᠣᠯᠬᠤᠷ᠂ ᠵᠣᠬᠢᠶᠠᠨ ᠪᠠᠶᠢᠭᠤᠯᠵᠤ ᠵᠣᠬᠢᠴᠠᠭᠤᠯᠬᠤ ᠴᠢᠳᠠᠪᠤᠷᠢ ᠰᠠᠶᠢᠨ ᠪᠠᠶᠢᠵᠤ᠂ ᠬᠤᠷᠠᠯ ᠤᠨ ᠶᠠᠪᠤᠳᠠᠯ ᠤᠨ ᠳᠤᠭᠤᠶᠢᠯᠠᠩ ᠪᠠ ᠰᠠᠶᠢᠨ ᠳᠤᠷᠠᠴᠤᠳ ᠤᠨ ᠬᠤᠭᠤᠷᠣᠨᠳᠣᠬᠢ ᠬᠤᠯᠪᠣᠭᠠᠰᠤ ᠪᠣᠯᠤᠭᠰᠠᠨ ᠪᠠᠶᠢᠨ᠎ᠠ᠃      ᠪᠤᠭᠤᠲᠤ ᠬᠤᠲᠠ ᠶᠢᠨ ᠡᠪᠯᠡᠯ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠯᠦ ᠶᠤᠸᠠᠢ ᠠᠴᠠ ᠡᠳᠡᠭᠡᠷ 50 ᠨᠡᠷᠡᠰ ᠰᠠᠶᠢᠨ ᠳᠤᠷᠠᠴᠤᠳ ᠤᠨ ᠢᠯᠡᠷᠡᠯ ᠳᠤ ᠬᠠᠨᠤᠮᠵᠢᠲᠠᠢ ᠪᠠᠶᠢᠬᠤ ᠪᠠᠨ ᠢᠯᠡᠷᠬᠡᠶᠢᠯᠡᠪᠡ᠃ ᠲᠡᠷᠡ ᠬᠡᠯᠡᠬᠦ ᠳᠡᠭᠡᠨ᠂ ᠡᠳᠡᠭᠡᠷ 50 ᠨᠡᠷᠡᠰ ᠰᠠᠶᠢᠨ ᠳᠤᠷᠠᠴᠤᠳ ᠦᠩᠭᠡᠷᠡᠭᠰᠡᠨ ᠳᠤ ᠰᠤᠷᠭᠠᠭᠤᠯᠢ ᠳᠠᠭᠠᠨ ᠪᠦᠷ ᠬᠠᠮᠢᠶ᠎ᠠ ᠪᠦᠬᠦᠢ ᠠᠵᠢᠯ ᠳᠤ ᠣᠷᠤᠯᠴᠠᠨ᠂ ᠵᠣᠬᠢᠬᠤ ᠠᠵᠢᠯ ᠤᠨ ᠲᠤᠷᠰᠢᠯᠭ᠎ᠠ ᠲᠠᠢ ᠶᠤᠮ᠃ ᠲᠤᠰ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠰᠠᠶᠢᠨ ᠳᠤᠷ᠎ᠠ ᠶᠢᠨ ᠦᠢᠯᠡᠴᠢᠯᠡᠭᠡ ᠬᠢᠬᠦ ᠠᠴᠠ ᠡᠮᠦᠨ᠎ᠡ᠂ ᠵᠦᠪᠬᠡᠨ ᠡᠩ ᠤᠨ ᠪᠣᠯᠪᠠᠰᠤᠷᠠᠭᠤᠯᠤᠯ ᠬᠦᠷᠲᠡᠵᠦ᠂ ᠪᠣᠳᠠᠲᠠᠶ ᠠᠵᠢᠯ ᠤᠨ ᠳᠤᠮᠳᠠ ᠠᠵᠢᠯ ᠳᠠᠭᠠᠨ ᠪᠦᠷ ᠴᠠᠭᠠᠷᠠᠭᠰᠠᠨ ᠪᠠᠶᠢᠨ᠎ᠠ ᠭᠡᠪᠡ᠃      ᠯᠦ ᠶᠤᠸᠠᠢ ᠲᠠᠨᠢᠯᠴᠠᠭᠤᠯᠤᠭᠰᠠᠨ ᠨᠢ᠂ ᠡᠨᠡ ᠵᠢᠯ ᠤᠨ 3 ᠳ᠋ᠤᠭᠠᠷ ᠰᠠᠷ᠎ᠠ ᠶᠢᠨ ᠰᠡᠭᠦᠯᠴᠢ ᠪᠠᠷ᠂ ᠪᠤᠭᠤᠲᠤ ᠬᠤᠲᠠ ᠶᠢᠨ ᠡᠪᠯᠡᠯ ᠤᠨ ᠬᠤᠷᠢᠶ᠎ᠠ ᠨᠣᠮ ᠪᠢᠴᠢᠭ ᠤᠨ ᠴᠤᠭᠯᠠᠭᠠᠨ ᠢ ᠡᠷᠬᠢᠯᠡᠬᠦ ᠭᠡᠳ ᠰᠠᠶᠢᠨ ᠳᠤᠷᠠᠴᠤᠳ ᠢ ᠡᠯᠰᠡᠬᠦ ᠠᠵᠢᠯ ᠢ ᠦᠷᠨᠢᠭᠦᠯᠦᠨ᠂ ᠨᠡᠷ᠎ᠡ ᠮᠡᠳᠡᠭᠦᠯᠬᠦ ᠠᠵᠢᠯ ᠣᠳᠣ ᠨᠢᠭᠡᠨᠲᠡ ᠳᠠᠭᠤᠰᠴᠤ᠂ ᠮᠠᠰᠢ ᠤᠯᠠᠨ ᠭᠠᠳᠠᠨ᠎ᠠ ᠣᠷᠣᠨ ᠤ ᠤᠶᠤᠲᠠᠳ ᠵᠤᠨ ᠤ ᠠᠮᠠᠷᠠᠯᠲᠠ ᠳᠠᠭᠠᠨ ᠭᠡᠷ ᠲᠡᠭᠡᠨ ᠬᠠᠷᠢᠭᠰᠠᠨ ᠦᠭᠡᠢ ᠪᠠᠷ ᠰᠠᠶᠢᠨ ᠳᠤᠷᠠᠴᠤᠳ ᠤᠨ ᠦᠢᠯᠡᠴᠢᠯᠡᠭᠡᠨ ᠎ ᠳᠤ ᠣᠷᠤᠯᠴᠠᠵᠠᠭᠠᠵᠠᠢ᠃ ᠭᠠᠳᠠᠨ᠎ᠠ ᠤᠷᠤᠨ ᠳᠤ ᠰᠤᠷᠤᠯᠴᠠᠵᠤ ᠪᠠᠶᠢᠭ᠎ᠠ ᠪᠤᠭᠤᠲᠤ ᠶᠢᠨ ᠰᠤᠷᠤᠭᠴᠢᠳ ᠴᠦ ᠵᠤᠨ ᠤ ᠠᠮᠠᠷᠠᠯᠲᠠ ᠳᠤ ᠨᠤᠲᠤᠭ ᠲᠠᠭᠠᠨ ᠢᠷᠡᠵᠦ᠂ ᠰᠠᠶᠢᠨ ᠳᠤᠷᠠᠴᠤᠳ ᠤᠨ ᠡᠩᠨᠡᠭᠡᠨ ᠳᠤ ᠣᠷᠤᠬᠤ ᠭᠡᠵᠦ ᠪᠣᠢ᠃      ᠪᠤᠭᠤᠲᠤ ᠬᠤᠲᠠ ᠶᠢᠨ ᠡᠪᠯᠡᠯ ᠤᠨ ᠬᠤᠷᠢᠶ᠎ᠠ 6 ᠳ᠋ᠤᠭᠠᠷ ᠰᠠᠷ᠎ᠠ ᠳᠤ ᠰᠠᠶᠢᠨ ᠳᠤᠷᠠᠴᠤᠳ ᠢ ᠪᠣᠯᠪᠠᠰᠤᠷᠠᠭᠤᠯᠬᠤ ᠠᠵᠢᠯ ᠢ ᠡᠬᠢᠯᠡᠭᠦᠯᠦᠨ᠂ ᠪᠣᠯᠪᠠᠰᠤᠷᠠᠭᠤᠯᠤᠯ ᠤᠨ ᠠᠭᠤᠯᠭ᠎ᠠ ᠳᠤ ᠪᠤᠭᠤᠲᠤ ᠬᠤᠲᠠ ᠶᠢᠨ ᠪᠠᠶᠢᠳᠠᠯ᠂ ᠶᠣᠰᠣ ᠵᠢᠷᠤᠮ᠂ ᠬᠤᠷᠠᠯ ᠤᠨ ᠲᠠᠯᠠᠪᠠᠢ ᠳᠠᠬᠢ ᠦᠢᠯᠡᠴᠢᠯᠡᠭᠡ ᠵᠡᠷᠭᠡ ᠠᠭᠤᠯᠭ᠎ᠠ ᠶᠢ ᠪᠠᠭᠲᠠᠭᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号