ᠪᠦᠬᠦ ᠤᠯᠤᠰ ᠤᠨ 15 ᠮᠤᠵᠢ ᠶᠢᠨ 3000 ᠭᠠᠷᠤᠶ ᠬᠥᠮᠦᠨ ᠥᠪᠥᠷ ᠮᠣᠩᠭᠤᠯ ᠤᠨ ᠬᠤᠷᠢᠨᠭᠡᠷ ᠰᠢᠶᠠᠨ ᠳᠤ ᠢᠷᠡᠵᠦ ᠴᠢᠴᠠᠷᠭᠠᠨ᠎ᠠ ᠲᠠᠷᠢᠪᠠ
ᠨᠡᠶᠢᠲᠡᠯᠡᠭᠰᠡᠨ ᠴᠠᠭ᠄
2016/4/13
     
     ᠪᠦᠬᠦ ᠤᠯᠤᠰ ᠤᠨ 15 ᠮᠤᠵᠢ ᠣᠷᠣᠨ ᠠᠴᠠ ᠢᠷᠡᠭᠰᠡᠨ 3000 ᠭᠠᠷᠤᠶ ᠲᠥᠯᠥᠭᠡᠯᠡᠭᠴᠢᠳ ᠬᠠᠮᠲᠤ ᠪᠠᠷ ᠮᠣᠳᠣ ᠲᠠᠷᠢᠵᠤ᠂ ᠳᠤᠮᠳᠠᠳᠤ ᠤᠯᠤᠰ ᠤᠨ ᠠᠩᠬᠠᠳᠠᠭᠴᠢ ᠴᠢᠴᠠᠷᠭᠠᠨ᠎ᠠ ᠶᠢᠨ ᠲᠣᠰᠬᠤᠨ ᠢ ᠴᠣᠭᠴᠠᠯᠠᠵᠤ ᠪᠠᠶᠢᠭ᠎ᠠ ᠨᠢ       4 ᠳ᠋ᠦ᠋ᠭᠡᠷ ᠰᠠᠷ᠎ᠠ ᠶᠢᠨ 12᠎ ᠤᠨ ᠡᠳᠦᠷ ᠤᠨ ᠦᠳᠡ ᠶᠢᠨ ᠡᠮᠦᠨ᠎ᠡ᠂ ᠪᠦᠬᠦ ᠤᠯᠤᠰ ᠤᠨ 15 ᠮᠤᠵᠢ ᠬᠤᠲᠠ ᠥᠪᠡᠷᠲᠡᠭᠡᠨ ᠵᠠᠰᠠᠬᠤ ᠣᠷᠣᠨ ᠠᠴᠠ ᠢᠷᠡᠭᠰᠡᠨ 3000 ᠭᠠᠷᠤᠶ ᠲᠥᠯᠥᠭᠡᠯᠡᠭᠴᠢᠳ ᠬᠥᠬᠡᠬᠤᠲᠠ ᠶᠢᠨ ᠬᠤᠷᠢᠨᠭᠡᠷ ᠰᠢᠶᠠᠨ ᠤ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ ᠤᠨ ᠳᠠᠶᠢᠴᠢᠳ ᠭᠠᠴᠠᠭᠠᠨ ᠤ ᠣᠷᠴᠢᠮ ᠤᠨ ᠠᠭᠤᠯᠠᠨ ᠳᠡᠭᠡᠷ᠎ᠡ ᠴᠢᠴᠠᠷᠭᠠᠨ᠎ᠠ ᠲᠠᠷᠢᠵᠤ᠂ ᠢᠦᠢ ᠬᠠᠩ ᠷᠧᠨ ᠳᠤᠮᠳᠠᠳᠤ ᠤᠯᠤᠰ ᠤᠨ ᠠᠩᠬᠠᠳᠠᠭᠴᠢ ᠴᠢᠴᠠᠷᠭᠠᠨ᠎ᠠ ᠶᠢᠨ ᠲᠣᠰᠬᠤᠨ ᠢ ᠪᠠᠶᠢᠭᠤᠯᠤᠨ ᠴᠣᠭᠴᠠᠯᠠᠪᠠ᠃      ᠲᠤᠰ ᠡᠳᠦᠷ ᠤᠨ ᠦᠳᠡ ᠶᠢᠨ ᠡᠮᠦᠨ᠎ᠡ᠂ ᠳᠠᠶᠢᠴᠢᠳ ᠭᠠᠴᠠᠭᠠᠨ ᠤ ᠪᠠᠷᠠᠭᠤᠨ ᠡᠮᠦᠨᠡᠬᠢ ᠠᠭᠤᠯᠠᠨ ᠬᠥᠲᠥᠯ ᠳᠡᠭᠡᠷ᠎ᠡ᠂ ᠲᠤᠭ ᠳᠠᠯᠪᠠᠭ᠎ᠠ ᠨᠠᠮᠢᠷᠠᠵᠤ᠂ ᠱᠠᠨᠰᠢ᠂ ᠱᠠᠨ ᠰᠢ᠂ ᠱᠠᠩᠬᠠᠶ᠂ ᠵᠦᠬᠠᠶ᠂ ᠨᠢᠩᠰᠢᠶᠠ᠂ ᠪᠡᠭᠡᠵᠢᠩ᠂ ᠭᠤᠸᠠᠩᠳᠦ᠋ᠩ ᠵᠡᠷᠭᠡ 15 ᠮᠤᠵᠢ ᠬᠤᠲᠠ ᠥᠪᠡᠷᠲᠡᠭᠡᠨ ᠵᠠᠰᠠᠬᠤ ᠣᠷᠣᠨ ᠠᠴᠠ ᠢᠷᠡᠭᠰᠡᠨ 3000 ᠭᠠᠷᠤᠶ ᠲᠥᠯᠥᠭᠡᠯᠡᠭᠴᠢᠳ ᠢᠦᠢ ᠬᠠᠩ ᠷᠧᠨ ᠪᠦᠯᠦᠭᠯᠡᠯ ᠤᠨ ᠮᠡᠷᠭᠡᠵᠢᠯᠲᠡᠳ ᠤᠨ ᠵᠢᠭᠠᠨ ᠵᠢᠯᠣᠭᠤᠳᠤᠯᠭ᠎ᠠ ᠳᠣᠣᠷ᠎ᠠ᠂ ᠥᠪᠡᠷ ᠥᠪᠡᠷ ᠤᠨ ᠡᠩᠨᠡᠭᠡ ᠪᠠᠨ ᠵᠣᠬᠢᠶᠠᠨ ᠪᠠᠶᠢᠭᠤᠯᠵᠤ᠂ ᠵᠠᠭᠠᠭᠯᠠᠨ ᠲᠣᠭᠲᠠᠭᠠᠭᠰᠠᠨ ᠣᠷᠣᠨ ᠪᠦᠰᠡ ᠶᠢᠨ ᠲᠤᠳᠤᠷ᠎ᠠ ᠨᠥᠭᠡ ᠮᠠᠯᠲᠠᠵᠤ᠂ ᠴᠢᠬᠢ ᠪᠣᠰᠬᠠᠵᠤ᠂ ᠪᠤᠯᠠᠵᠤ ᠪᠠᠬᠢᠵᠢᠭᠦᠯᠵᠦ᠂ ᠤᠰᠤᠯᠠᠭᠠᠳ ᠥᠴᠦᠬᠡᠨ ᠴᠦ ᠣᠰᠣᠯᠳᠤᠭᠤᠯᠬᠤ ᠪᠠᠷ ᠠᠵᠢᠯᠯᠠᠪᠠ᠃
   
     ᠳᠤᠮᠳᠠᠳᠤ ᠤᠯᠤᠰ ᠤᠨ ᠡᠯᠡᠰᠦᠷᠬᠡᠭᠵᠢᠯ ᠢ ᠵᠠᠰᠠᠬᠤ ᠨᠡᠶᠢᠭᠡᠮᠯᠢᠭ ᠤᠨ ᠴᠢᠴᠠᠷᠭᠠᠨ᠎ᠠ ᠶᠢᠨ ᠲᠤᠰᠬᠠᠶ ᠮᠡᠷᠭᠡᠵᠢᠯ ᠤᠨ ᠺᠣᠮᠢᠰ ᠤᠨ ᠳᠠᠷᠤᠭ᠎ᠠ᠂ ︽ᠪᠦᠬᠦ ᠤᠯᠤᠰ ᠤᠨ ︿5.1﹀᠎ ᠤ ᠬᠥᠳᠡᠯᠮᠦᠷᠢᠴᠢᠨ ᠤ ᠱᠠᠩᠨᠠᠯ ᠤᠨ ᠲᠡᠮᠳᠡᠭ ︾ ᠎ ᠢ ᠬᠦᠷᠲᠡᠭᠴᠢ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠣᠨᠴᠠ ᠣᠯᠭᠤᠮᠵᠢ ᠮᠥᠩᠭᠦ ᠬᠦᠷᠲᠡᠵᠦ ᠪᠠᠶᠢᠭ᠎ᠠ ᠲᠤᠰᠬᠠᠶ ᠮᠡᠷᠭᠡᠵᠢᠯᠲᠡᠨ᠂ ᠢᠦᠢ ᠬᠠᠩ ᠷᠧᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠢᠩ ᠭᠦᠸᠧ ᠯᠢᠶᠠᠩ ᠵᠡᠷᠭᠡ ᠤᠳᠤᠷᠢᠳᠤᠯᠭ᠎ᠠ ᠲᠤᠬᠠᠶ ᠶᠢᠨ ᠭᠠᠵᠠᠷ ᠲᠤ ᠴᠢᠴᠠᠷᠭᠠᠨ᠎ᠠ ᠲᠠᠷᠢᠬᠤ ᠶᠢ ᠵᠢᠭᠠᠨ ᠵᠢᠯᠣᠭᠤᠳᠴᠦ ᠪᠠᠶᠢᠭ᠎ᠠ ᠨᠢ      ᠪᠡᠭᠡᠵᠢᠩ ᠠᠴᠠ ᠲᠤᠰᠬᠠᠶᠢᠯᠠᠨ ᠮᠣᠳᠣ ᠲᠠᠷᠢᠬᠤ ᠪᠠᠷ ᠢᠷᠡᠭᠰᠡᠨ ᠳᠤᠮᠳᠠᠳᠤ ᠤᠯᠤᠰ ᠤᠨ ᠡᠯᠡᠰᠦᠷᠬᠡᠭᠵᠢᠯ ᠢ ᠵᠠᠰᠠᠬᠤ ᠵᠢᠴᠢ ᠡᠯᠡᠰᠦᠨ ᠤ ᠦᠢᠯᠡᠰ ᠤᠨ ᠨᠡᠶᠢᠭᠡᠮᠯᠢᠭ ᠤᠨ ᠳᠠᠷᠤᠭ᠎ᠠ ᠠᠨ ᠹᠧᠩ  ᠵᠢᠶᠧ ᠬᠡᠳᠦ᠋ᠢᠪᠡᠷ ᠦᠰᠦ ᠭᠡᠵᠢᠭᠡ ᠨᠢ ᠪᠤᠭᠤᠷᠤᠯᠳᠤᠭᠰᠠᠨ ᠪᠣᠯᠪᠠᠴᠤ ᠴᠤᠭ ᠵᠢᠪᠬᠤᠭ᠎ᠠ ᠲᠡᠭᠦᠯᠳᠡᠷ ᠪᠠᠶᠢᠵᠤ᠂  ᠨᠢᠭᠡ ᠯᠡ ᠳᠡᠭᠡᠷ᠎ᠡ ᠲᠠᠪᠤᠨ ᠴᠢᠴᠠᠷᠭᠠᠨ᠎ᠠ ᠶᠢᠨ ᠮᠣᠳᠣ ᠲᠠᠷᠢᠵᠠᠢ᠃ ᠲᠡᠷᠡ ᠰᠤᠷᠪᠤᠯᠵᠢᠯᠠᠭᠴᠢ ᠳᠤ ᠬᠡᠯᠡᠭᠰᠡᠨ ᠨᠢ᠄ ᠥᠪᠥᠷ ᠮᠣᠩᠭᠤᠯ ᠪᠣᠯ ᠳᠤᠮᠳᠠᠳᠤ ᠤᠯᠤᠰ ᠤᠨ ᠠᠮᠢ ᠠᠬᠤᠶ ᠶᠢᠨ ᠴᠢᠬᠤᠯᠠ ᠬᠠᠯᠬᠠᠪᠴᠢ ᠮᠥᠨ᠂ ᠠᠳᠡ ᠦᠵᠡᠰᠬᠦᠯᠡᠩ ᠰᠠᠶᠢᠬᠠᠨ ᠲᠠᠯ᠎ᠠ ᠨᠤᠲᠤᠭ ᠪᠣᠯᠣᠨ ᠡᠯᠪᠡᠭ ᠪᠠᠶᠠᠯᠢᠭ ᠠᠮᠢ ᠠᠬᠤᠶ ᠶᠢᠨ ᠰᠢᠰᠲ᠋ᠧᠮ ᠪᠠᠶᠢᠳᠠᠭ᠂ ᠭᠡᠪᠡᠴᠦ ᠤᠢᠢᠷ᠎ᠠ ᠶᠢᠨ ᠵᠠᠭᠤᠭᠠᠳ ᠵᠢᠯ ᠤᠨ ᠲᠤᠷᠰᠢ ᠠᠭᠤᠷ ᠠᠮᠢᠰᠬᠤᠯ ᠤᠨ ᠬᠤᠪᠢᠷᠠᠯᠲᠠ ᠪᠣᠯᠤᠨ ᠬᠥᠮᠦᠨ ᠲᠥᠷᠥᠯᠬᠢᠲᠡᠨ ᠤ ᠬᠡᠲᠦᠶᠢᠳᠦᠯ ᠠᠵᠢᠯᠯᠠᠭᠠᠨ ᠤ ᠨᠥᠯᠥᠭᠡ ᠠᠴᠠ ᠪᠣᠯᠵᠤ ᠬᠠᠯᠬᠠᠪᠴᠢ ᠶᠢᠨ ᠰᠢᠰᠲ᠋ᠧᠮ ᠡᠪᠳᠡᠭᠳᠡᠵᠦ᠂ ᠠᠮᠢ ᠠᠬᠤᠶ ᠶᠢᠨ ᠴᠢᠳᠠᠪᠬᠢ ᠠᠭᠠᠵᠢᠮ ᠢᠶᠠᠷ ᠳᠣᠷᠣᠶᠢᠲᠠᠵᠤ᠂ ᠦᠷᠭᠦᠯᠵᠢᠯᠡᠬᠦ ᠬᠥᠭᠵᠢᠯᠲᠡ ᠶᠢ ᠬᠦᠨᠳᠦ ᠨᠣᠴᠢᠲᠠᠶ ᠰᠦᠷᠳᠡᠭᠦᠯᠵᠦ᠂ ᠬᠡᠪᠡᠷᠡᠭ ᠪᠣᠯᠣᠭᠰᠠᠨ ᠠᠮᠢ ᠠᠬᠤᠶ ᠶᠢ ᠵᠠᠰᠠᠵᠤ ᠰᠡᠷᠭᠦᠭᠡᠬᠦ ᠴᠢᠬᠤᠯᠠᠲᠠᠢ ᠪᠣᠯᠵᠠᠢ᠃ ᠴᠢᠴᠠᠷᠭᠠᠨ᠎ᠠ ᠪᠣᠯ ᠣᠷᠴᠢᠨ ᠲᠣᠭᠤᠷᠢᠨ ᠪᠣᠯᠣᠨ ᠠᠮᠢ ᠠᠬᠤᠶ ᠶᠢ ᠬᠠᠮᠠᠭᠠᠯᠠᠬᠤ ᠨᠢᠭᠡ ᠵᠦᠢᠯ ᠤᠨ ᠲᠤᠶᠢᠯ ᠤᠨ ᠰᠢᠯᠢᠳᠡᠭ ᠤᠷᠭᠤᠮᠠᠯ ᠮᠦᠨ᠂ ᠲᠡᠭᠦᠨ ᠤ ᠦᠨᠳᠦᠰᠦ ᠶᠢᠨ ᠰᠢᠰᠲ᠋ᠧᠮ ᠨᠢ ᠬᠥᠭᠵᠢᠩᠭᠦᠢ᠂ ᠠᠽᠣᠲ ᠲᠣᠭᠲᠠᠭᠠᠬᠤ ᠦᠨᠳᠦᠰᠦᠨ ᠪᠡᠳᠡᠬᠢ ᠲᠠᠢ᠂ ᠭᠠᠩ ᠬᠠᠭᠤᠷᠠᠢ ᠳᠤ ᠲᠡᠰᠪᠦᠷᠢᠲᠡᠶ᠂ ᠳᠤᠯᠠᠭᠠᠨ ᠤ ᠵᠥᠷᠢᠶ᠎ᠡ ᠳᠤ ᠳᠠᠭᠠᠭᠠᠮᠠᠭᠠᠶ᠂ ᠭᠠᠴᠢᠭ ᠮᠥᠨᠳᠥᠷ ᠬᠤᠵᠢᠷ ᠲᠤ ᠲᠡᠰᠪᠦᠷᠢᠲᠡᠢ᠂ ᠡᠯᠡᠰᠦᠨ ᠰᠢᠭᠤᠷᠭᠠᠨ ᠳᠤ ᠲᠡᠰᠪᠦᠷᠢᠲᠡᠢ᠂ ᠣᠶᠢᠵᠢᠬᠤ ᠨᠢ ᠲᠦᠷᠭᠡᠨ᠂  ᠬᠦᠷᠦᠰᠦ ᠰᠢᠷᠣᠶ ᠶᠢ ᠬᠠᠮᠠᠭᠠᠯᠠᠬᠤ᠂ ᠰᠠᠯᠬᠢ ᠶᠢ ᠬᠠᠯᠬᠠᠯᠡᠠ ᠡᠯᠡᠰᠦ ᠶᠢ ᠲᠣᠭᠲᠠᠪᠤᠷᠢᠵᠢᠭᠤᠯᠬᠤ ᠦᠢᠯᠡᠳᠦᠯ ᠢᠶᠠᠷ ᠲᠤᠶᠢᠯ ᠤᠨ ᠴᠢᠩᠭ᠎ᠠ ᠪᠠᠶᠢᠳᠠᠭ ᠢᠶᠠᠷ ᠢᠶᠠᠨ ᠮᠠᠨ ᠤ ᠤᠯᠤᠰ ᠤᠨ ᠵᠠᠰᠠᠭ ᠤᠨ ᠭᠠᠵᠠᠷ ᠠᠴᠠ ᠰᠢᠷ᠎ᠠ ᠬᠥᠷᠥᠰᠥᠲᠦ ᠥᠨᠳᠦᠷᠯᠢᠭ ᠤᠨ ᠬᠦᠷᠦᠰᠦ ᠰᠢᠷᠣᠶ ᠶᠢᠨ ᠢᠳᠡᠭᠳᠡᠯ ᠢ ᠵᠠᠰᠠᠬᠤ ᠪᠠ ᠪᠠᠷᠠᠭᠤᠨ ᠣᠷᠣᠨ ᠤ ᠲᠠᠴᠢᠷᠳᠠᠬᠤ ᠡᠯᠡᠰᠦᠷᠭᠡᠭᠵᠢᠬᠦ ᠶᠢ ᠵᠠᠰᠠᠨ ᠥᠭᠡᠷᠡᠴᠢᠯᠡᠬᠦ ᠬᠤᠰᠢᠭᠤᠴᠢ ᠮᠣᠳᠣᠨ ᠤ ᠲᠥᠷᠥᠯ ᠳᠤ ᠵᠢᠭᠰᠠᠭᠠᠪᠠ᠃ ᠢᠦᠢ ᠬᠠᠩ ᠷᠧᠨ ᠪᠦᠯᠦᠭᠯᠡᠯ ᠪᠦᠬᠦ ᠤᠯᠤᠰ ᠲᠤ ᠠᠩᠬᠠᠳᠠᠭᠴᠢ ᠴᠢᠴᠠᠷᠭᠠᠨ᠎ᠠ ᠶᠢᠨ ᠲᠣᠰᠬᠤᠨ ᠢ ᠴᠣᠭᠴᠠᠯᠠᠵᠤ ᠪᠠᠶᠢᠬᠤ ᠨᠢ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠨ ᠰᠠᠶᠢᠵᠢᠷᠠᠭᠤᠯᠬᠤ ᠢᠶᠠᠷ ᠪᠠᠷᠠᠬᠤ ᠦᠭᠡᠢ᠂ ᠲᠠᠷᠢᠶᠠᠴᠢᠳ ᠢ ᠬᠠᠪᠰᠤᠷᠤᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠵᠤ᠂ ᠠᠭᠤᠯᠠ ᠤᠰᠤ ᠪᠠᠨ ᠬᠦᠭᠡᠷᠡᠨ ᠴᠡᠩᠭᠡᠭᠵᠢᠭᠦᠯᠬᠦ ᠪᠠᠷ ᠦᠯᠦ ᠪᠠᠷᠠᠮ ᠪᠠᠰᠠ ᠠᠯᠲᠠᠨ ᠠᠭᠤᠯᠠ ᠮᠥᠩᠭᠦᠨ ᠬᠠᠶᠢᠷᠬᠠᠨ ᠲᠠᠢ ᠪᠣᠯᠭᠠᠨ᠎ᠠ ᠭᠡᠪᠡ᠃
                         
                           ᠴᠢᠴᠠᠷᠭᠠᠨ᠎ᠠ ᠲᠠᠷᠢᠵᠤ ᠪᠠᠶᠢᠭ᠎ᠠ ᠠᠬᠤᠢ ᠲᠠᠯᠠᠪᠠᠢ      ᠲᠤᠬᠠᠶ ᠶᠢᠨ ᠭᠠᠵᠠᠷ ᠲᠤ ᠮᠣᠳᠣ ᠲᠠᠷᠢᠵᠤ ᠪᠠᠶᠢᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠶᠢᠨ ᠲᠢᠩᠬᠢᠮ ᠤᠨ ᠳᠠᠷᠤᠭ᠎ᠠ ᠬᠦᠴᠦᠨ ᠤ ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠳᠤ ᠲᠠᠷᠢᠵᠤ ᠣᠶᠢᠵᠢᠭᠤᠯᠬᠤ ᠲᠤ ᠳᠤᠬᠢᠷᠠᠬᠤ ᠭᠠᠵᠠᠷ ᠨᠤᠲᠤᠭ ᠬᠤᠶᠠᠷ ᠳ᠋ᠦᠩᠰᠢᠭᠤᠷ ᠮᠦ ᠪᠤᠢ᠂ ᠲᠠᠷᠢᠶᠠᠴᠢᠨ ᠢ ᠳᠠᠶᠢᠴᠢᠯᠠᠨ ᠮᠣᠳᠣ ᠲᠠᠷᠢᠵᠤ ᠣᠶᠢᠵᠢᠭᠤᠯᠬᠤ ᠨᠢ ᠢᠦᠢ ᠬᠠᠩ ᠷᠧᠨ᠂ ᠡᠾᠧ ᠱᠧᠩ ᠠᠮᠢ ᠠᠬᠤᠶ ᠵᠡᠷᠭᠡ ᠲᠤᠰᠬᠠᠢ ᠲᠠᠷᠢᠵᠤ ᠣᠶᠢᠵᠢᠭᠤᠯᠬᠤ ᠺᠣᠮᠫᠠᠨᠢ ᠶᠢᠨ ᠮᠣᠳᠣ ᠲᠠᠷᠢᠵᠤ ᠣᠶᠢᠵᠢᠭᠤᠯᠬᠤ ᠲᠠᠢ ᠠᠳᠠᠯᠢᠬᠠᠨ ᠴᠢᠬᠤᠯᠠ ᠶᠤᠮ᠂ ᠥᠪᠥᠷ ᠮᠣᠩᠭᠤᠯ ᠥᠷᠭᠡᠨ ᠠᠭᠤᠳᠠᠮ ᠨᠤᠲᠤᠭ ᠳᠡᠪᠢᠰᠬᠡᠷ ᠲᠠᠢ ᠪᠣᠯᠬᠤᠷ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠲᠠᠯ᠎ᠠ ᠪᠠᠷ ᠳᠠᠪᠠᠭᠤᠯᠢᠭ ᠲᠠᠢ ᠶᠤᠮ ᠭᠡᠪᠡ᠃      ᠳᠤᠮᠳᠠᠳᠤ ᠤᠯᠤᠰ ᠤᠨ ᠡᠯᠡᠰᠦᠷᠬᠡᠭᠵᠢᠯ ᠢ ᠵᠠᠰᠠᠬᠤ ᠨᠡᠶᠢᠭᠡᠮᠯᠢᠭ ᠤᠨ ᠴᠢᠴᠠᠷᠭᠠᠨ᠎ᠠ ᠶᠢᠨ ᠲᠤᠰᠬᠠᠶ ᠮᠡᠷᠭᠡᠵᠢᠯ ᠤᠨ ᠺᠣᠮᠢᠰ ᠤᠨ ᠳᠠᠷᠤᠭ᠎ᠠ᠂ ︽ᠪᠦᠬᠦ ᠤᠯᠤᠰ ᠤᠨ ︿5.1﹀᠎ ᠤ ᠬᠥᠳᠡᠯᠮᠦᠷᠢᠴᠢᠨ ᠤ ᠱᠠᠩᠨᠠᠯ ᠤᠨ ᠲᠡᠮᠳᠡᠭ ᠎ ᠢ ᠬᠦᠷᠲᠡᠭᠴᠢ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠣᠨᠴᠠ ᠣᠯᠭᠤᠮᠵᠢ ᠮᠥᠩᠭᠦ ᠬᠦᠷᠲᠡᠵᠦ ᠪᠠᠶᠢᠭ᠎ᠠ ᠲᠤᠰᠬᠠᠶ ᠮᠡᠷᠭᠡᠵᠢᠯᠲᠡᠨ᠂ ᠢᠦᠢ ᠬᠠᠩ ᠷᠧᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠢᠩ ᠭᠦᠸᠧ ᠯᠢᠶᠠᠩ ᠎ ᠤᠨ ᠲᠠᠨᠢᠯᠴᠠᠭᠤᠯᠤᠭᠰᠠᠨ ᠢᠶᠠᠷ᠄ ᠳᠠᠶᠢᠴᠢᠳ ᠲᠣᠰᠬᠤᠨ ᠤ ᠲᠠᠷᠢᠬᠤ ᠲᠥᠷᠥᠯ ᠵᠦᠢᠯ ᠪᠣᠯ ᠳᠤᠮᠳᠠᠳᠤ ᠤᠯᠤᠰ ᠤᠨ ᠠᠩᠬᠠᠳᠠᠭᠴᠢ ᠴᠢᠴᠠᠷᠭᠠᠨ᠎ᠠ ᠶᠢᠨ ᠲᠣᠰᠬᠤᠨ ᠤ ᠠᠩᠬᠠᠳᠤᠭᠠᠷ ᠬᠤᠭᠤᠴᠠᠭ᠎ᠠ ᠶᠢᠨ ᠵᠢᠱᠢᠶ᠎ᠡ ᠦᠵᠡᠭᠦᠯᠬᠦ ᠢᠨᠵᠧᠨᠧᠷᠢᠩ ᠮᠥᠨ᠂ 1000 ᠲᠦᠮᠡᠨ ᠮᠦ ᠲᠠᠷᠢᠬᠤ ᠪᠠᠷ ᠲᠥᠯᠥᠪᠵᠢᠭᠦᠯᠵᠦ᠂ ᠮᠦ ᠪᠦᠷᠢ ᠳᠤ148 ᠣᠷᠴᠢᠮ ᠰᠠᠭᠤᠷᠢ ᠴᠢᠨᠠᠷ ᠰᠠᠶᠢᠲᠠᠶ ᠮᠣᠩᠭᠤᠯ ᠴᠢᠴᠠᠷᠭᠠᠨ᠎ᠠ ᠶᠢᠨ ᠮᠤᠳᠤ ᠲᠠᠷᠢᠵᠤ᠂ ᠮᠦ ᠪᠦᠷᠢ ᠶᠢᠨ ᠤᠨᠠᠯᠲᠠ ᠨᠢ 400 ᠺᠢᠯᠣᠭ᠍ᠷᠠᠮ ᠳᠤ ᠬᠥᠷᠥᠨ᠎ᠡ᠃ ᠳᠤᠮᠳᠠᠳᠤ ᠤᠯᠤᠰ ᠤᠨ ᠠᠩᠬᠠᠳᠠᠭᠴᠢ ᠴᠢᠴᠠᠷᠭᠠᠨ᠎ᠠ ᠶᠢᠨ ᠲᠣᠰᠬᠤᠨ ᠳᠤ 10 ᠲᠦᠮᠡᠨ ᠮᠥ ᠴᠢᠴᠠᠷᠭᠠᠨ᠎ᠠ ᠲᠠᠷᠢᠬᠤ ᠪᠠᠷ ᠵᠢᠱᠢᠵᠦ ᠪᠣᠢ᠃      ᠢᠦᠢ ᠬᠠᠩ ᠷᠧᠨ ᠺᠣᠮᠫᠠᠨᠢ ᠶᠢᠨ ᠴᠤᠤ ᠶᠣᠸᠠᠢ ᠰᠢᠰᠲ᠋ᠧᠮ ᠤᠨ ᠤᠳᠤᠷᠢᠳᠬᠤ ᠬᠥᠮᠥᠨ ᠶᠣᠸᠠᠨ ᠶᠦᠩ ᠤᠨ ᠲᠠᠨᠢᠯᠴᠠᠭᠤᠯᠤᠭᠰᠠᠨ ᠢᠶᠠᠷ᠄ 2015 ᠣᠨ ᠤ 4 ᠳ᠋ᠦ᠋ᠭᠡᠷ ᠰᠠᠷ᠎ᠠ ᠶᠢᠨ 12᠎ ᠤᠨ ᠡᠳᠦᠷ᠂ ᠢᠦᠢ ᠬᠠᠩ ᠷᠧᠨ ᠺᠣᠮᠫᠠᠨᠢ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ ᠤ ᠰᠢᠭᠤᠳ ᠪᠣᠷᠣᠯᠠᠭᠤᠯᠬᠤ ᠦᠨᠡᠮᠯᠡᠯ ᠢ ᠣᠯᠵᠤ᠂ ᠪᠦᠬᠦ ᠤᠯᠤᠰ ᠤᠨ 5 ᠴᠥᠭᠡᠨ ᠲᠣᠭᠠᠲᠤ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠰᠢᠭᠤᠳ ᠪᠣᠷᠣᠯᠠᠭᠤᠯᠬᠤ ᠦᠨᠡᠮᠯᠡᠯ ᠲᠠᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠪᠠ᠃ ᠣᠳᠣᠬᠠᠨ ᠳᠤ ᠢᠦᠢ ᠬᠠᠩ ᠷᠧᠨ ᠺᠣᠮᠫᠠᠨᠢ ᠶᠢᠨ ᠰᠢᠭᠤᠳ  ᠪᠣᠷᠣᠯᠠᠭᠤᠯᠭ᠎ᠠ ᠳᠤ ᠲᠦᠰᠢᠭᠯᠡᠨ ᠠᠵᠢᠯ ᠣᠯᠵᠤ ᠠᠳᠠᠯ ᠦᠢᠯᠡᠰ ᠪᠣᠰᠬᠠᠵᠤ ᠪᠠᠶᠢᠭ᠎ᠠ ᠬᠥᠮᠦᠨ ᠪᠦᠬᠦ ᠤᠯᠤᠰ ᠲᠤ ᠲᠦᠮᠡ ᠭᠠᠷᠤᠶ ᠬᠥᠮᠦᠨ ᠪᠠᠶᠢᠵᠤ᠂ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠵᠦ ᠪᠠᠶᠢᠨ᠎ᠠ᠃
   
                            ᠴᠢᠴᠠᠷᠭᠠᠨ᠎ᠠ ᠲᠠᠷᠢᠵᠤ ᠪᠠᠶᠢᠭ᠎ᠠ ᠠᠬᠤᠢ ᠲᠠᠯᠠᠪᠠᠢ      ᠡᠨᠡ ᠤᠳᠠᠭ᠎ᠠ ᠱᠠᠨᠰᠢ ᠠᠴᠠ 700 ᠬᠥᠮᠦᠨ ᠢᠷᠡᠵᠦ ᠴᠢᠴᠠᠷᠭᠠᠨ᠎ᠠ ᠲᠠᠷᠢᠪᠡ᠂ ᠲᠥᠯᠥᠭᠡᠯᠡᠭᠴᠢ ᠴᠢᠶᠣᠤ ᠬᠤᠩ ᠠᠪᠠᠭ᠋ᠠᠶ ᠬᠡᠯᠡᠭᠰᠡᠨ ᠨᠢ᠂ ᠴᠢᠴᠠᠷᠭᠠᠨ᠎ᠠ ᠪᠣᠯ ᠤᠯᠠᠮᠵᠢᠯᠠᠯᠲᠤ ᠬᠢᠲᠠᠳ᠂ ᠮᠣᠩᠭᠤᠯ᠂ ᠲᠥᠪᠡᠳ ᠡᠮ ᠶᠤᠮ᠂ 1977 ᠣᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ ᠦᠨᠳᠦᠰᠦ︾᠎ ᠳᠤ ᠵᠢᠩᠬᠢᠨᠢ ᠪᠠᠷ ᠵᠢᠭᠰᠠᠭᠠᠭᠳᠠᠨ ᠣᠷᠣᠪᠠ᠃ ᠢᠦᠢ ᠬᠠᠩ ᠷᠧᠨ ᠺᠣᠮᠫᠠᠨᠢ ᠶᠢᠨ ᠰᠤᠳᠤᠯᠤᠨ ᠨᠡᠭᠡᠭᠡᠨ ᠦᠢᠯᠡᠳᠪᠦᠷᠢᠯᠡᠭᠰᠡᠨ ᠴᠢᠴᠠᠷᠭᠠᠨ᠎ᠠ ᠶᠢᠨ ᠡᠷᠡᠭᠦᠯᠵᠢᠯ ᠤᠨ ᠢᠳᠡᠭᠡᠨ ᠵᠡᠷᠭᠡ 200 ᠭᠠᠷᠤᠶ ᠰᠢᠷᠢᠰ ᠦᠢᠯᠡᠳᠬᠦᠨ ᠨᠢ ᠳᠤᠮᠳᠠᠳᠤ ᠤᠯᠤᠰ᠂ ᠠᠮᠧᠷᠢᠺᠠ᠂ ᠶᠠᠫᠣᠨ᠂ ᠧᠦ᠋ᠷᠣᠫᠠ ᠶᠢᠨ ᠬᠤᠯᠪᠣᠭ᠎ᠠ᠂ ᠢᠰᠷᠧᠯ ᠵᠡᠷᠭᠡ ᠣᠯᠠᠨ ᠤᠯᠤᠰ ᠤᠨ ᠣᠷᠭᠠᠨᠢᠭ ᠢᠳᠡᠭᠡᠨ ᠤ ᠦᠨᠡᠯᠡᠯᠲᠡ ᠶᠢ ᠣᠯᠵᠤ᠂ ᠦᠢᠯᠡᠳᠬᠦᠨ ᠨᠢ 50 ᠰᠢᠬᠠᠮ ᠤᠯᠤᠰ ᠪᠠ ᠭᠠᠵᠠᠷ ᠣᠷᠣᠨ ᠳᠤ ᠪᠣᠷᠣᠯᠠᠭᠤᠯᠤᠭᠳᠠᠵᠤ ᠪᠣᠢ᠃ ᠡᠨᠡ ᠤᠳᠠᠭ᠎ᠠ ᠢᠷᠡᠵᠦ ᠮᠣᠳᠣ ᠲᠠᠷᠢᠭᠴᠢᠳ ᠨᠢ ᠴᠥᠮ ᠴᠢᠴᠠᠷᠭᠠᠨ᠎ᠠ ᠶᠢᠨ ᠡᠷᠡᠭᠦᠯᠵᠢᠯ ᠢᠳᠡᠭᠡᠨ ᠤ ᠠᠰᠢᠭ ᠢ ᠬᠦᠷᠲᠡᠭᠴᠢᠳ ᠶᠤᠮ ᠭᠡᠪᠡ᠃
   
                         ᠴᠢᠴᠠᠷᠭᠠᠨ᠎ᠠ ᠲᠠᠷᠢᠵᠤ ᠪᠠᠶᠢᠭ᠎ᠠ ᠠᠬᠤᠢ ᠲᠠᠯᠠᠪᠠᠢ      60 ᠰᠢᠬᠠᠵᠤ ᠪᠠᠶᠢᠭ᠎ᠠ ᠰᠢᠨᠵᠢᠶᠠᠩ ᠠᠴᠠ ᠢᠷᠡᠭᠰᠡᠨ ᠳ᠋ᠦᠩ ᠫᠢᠩ ᠠᠪᠠᠭ᠋ᠠᠶ ᠨᠦᠭᠡ ᠮᠠᠯᠲᠠᠬᠤ᠂ ᠴᠢᠬᠢ ᠪᠤᠰᠬᠠᠬᠤ᠂ ᠤᠰᠤᠯᠠᠬᠤ ᠶᠢ ᠨᠢᠭᠡ ᠯᠡ ᠠᠮᠢᠰᠬᠤᠭ᠎ᠠ ᠪᠠᠷ ᠬᠢᠵᠦ᠂ ᠬᠤᠶᠠᠷ ᠴᠢᠴᠠᠷᠭᠠᠨ᠎ᠠ ᠶᠢᠨ ᠮᠣᠳᠣ ᠲᠠᠷᠢᠵᠤ᠂ ᠨᠢᠭᠡ ᠮᠣᠳᠣᠨ ᠠᠴᠠ ᠥᠪᠡᠷ ᠤᠨ ᠨᠡᠷ᠎ᠡ ᠪᠠᠨ ᠪᠢᠴᠢᠭᠯᠡᠭᠰᠡᠨ ᠫᠠᠶᠢᠰᠠ ᠡᠯᠭᠦᠵᠦ᠂ ᠨᠥᠭᠦᠭᠡ ᠨᠢᠭᠡ ᠮᠣᠳᠣᠨ ᠳᠡᠭᠡᠷ᠎ᠡ ᠬᠦᠦ ᠶᠢᠨ ᠢᠶᠠᠨ ᠮᠦ ᠶᠢᠨ ᠰᠢᠤᠸᠠᠨ ᠭᠡᠰᠡᠨ ᠨᠡᠷ᠎ᠡ ᠶᠢ ᠡᠯᠭᠦᠪᠡ᠃ ᠳ᠋ᠦᠩ ᠫᠢᠩ ᠠᠪᠠᠭ᠋ᠠᠶ ᠰᠤᠷᠪᠤᠯᠵᠢᠯᠠᠭᠴᠢ ᠳᠤ ᠬᠡᠯᠡᠭᠰᠡᠨ ᠨᠢ᠂ ᠲᠡᠭᠦᠨ ᠤ ᠬᠦᠦ ᠨᠢ ᠱᠧᠨᠵᠧᠨ ᠳᠤ ᠠᠵᠢᠯᠯᠠᠵᠤ ᠪᠠᠶᠢᠳᠠᠭ᠂ ᠡᠵᠢ ᠶᠢᠨ ᠢᠶᠠᠨ ᠥᠪᠥᠷ ᠮᠣᠩᠭᠤᠯ ᠤᠨ ᠬᠥᠬᠡᠬᠤᠲᠠ ᠳᠤ ᠢᠷᠡᠵᠦ ᠮᠣᠳᠣ ᠲᠠᠷᠢᠬᠤ ᠶᠢ ᠰᠣᠨᠣᠰᠤᠭᠠᠳ᠂ ᠲᠦᠢᠯ ᠢᠶᠠᠷ ᠲᠡᠮᠵᠢᠵᠦ᠂ ᠡᠵᠢ ᠳᠡᠭᠡᠨ ᠨᠠᠶᠢᠳᠠᠵᠤ ᠨᠢᠭᠡ ᠮᠣᠳᠣ ᠵᠠᠶᠢᠯᠠᠭᠤᠯᠪᠠ ᠭᠡᠨ᠎ᠡ᠃      ︽ᠪᠦᠬᠦ ᠤᠯᠤᠰ ᠤᠨ ᠬᠥᠮᠥᠰ ᠪᠢᠳᠡᠠ ᠢ ᠬᠠᠪᠰᠤᠷᠴᠤ ᠮᠠᠨ ᠤ ᠲᠤᠰᠬᠤᠨ ᠳᠤ ᠮᠣᠳᠣ ᠲᠠᠷᠢᠵᠤ ᠦᠭᠭᠦᠯ᠎ᠡ᠂ ᠪᠢ ᠪᠦᠬᠦ ᠲᠣᠰᠬᠤᠨ ᠤ ᠬᠥᠮᠦᠰ ᠤᠨ ᠡᠮᠦᠨ᠎ᠡ ᠠᠴᠠ ᠲᠠᠨᠠᠷ ᠲᠠᠭᠠᠨ ᠲᠠᠯᠠᠷᠬᠠᠵᠤ ᠪᠠᠶᠢᠨ᠎ᠠ︕︾  ᠭᠡᠵᠦ ᠳᠠᠶᠢᠴᠢᠳ ᠲᠣᠰᠬᠤᠨ ᠤ ᠨᠠᠮ ᠤᠨ ᠡᠭᠦᠷ ᠤᠨ ᠱᠦᠵᠢ ᠶᠦᠨ ᠫᠧᠩ ᠳᠣᠭᠳᠣᠯᠣᠨ ᠬᠡᠯᠡᠪᠡ᠃ ᠲᠡᠷᠡ ᠰᠤᠷᠪᠤᠯᠵᠢᠯᠠᠭᠴᠢ ᠳᠤ ᠬᠡᠯᠡᠬᠦ ᠳᠡᠭᠡᠨ᠂ ᠠᠷᠪᠠ ᠶᠢ ᠪᠦᠬᠦᠨ ᠢ ᠪᠦᠷᠬᠦᠭᠦᠯᠬᠦ ᠬᠡᠷᠡᠭᠵᠢᠭᠦᠯᠦᠯᠲᠡ ᠶᠢ ᠳᠠᠭᠠᠯᠳᠤᠨ᠂ ᠢᠯᠠᠩᠭᠤᠶ᠎ᠠ ᠡᠷᠬᠢᠨ ᠲᠣᠭᠤᠷᠢᠨ ᠤ ᠣᠷᠴᠢᠨ ᠲᠣᠭᠤᠷᠢᠨ ᠤ ᠨᠣᠭᠤᠭᠠᠷᠠᠭᠤᠯᠤᠯᠲᠠ᠂ ᠭᠤᠶᠣᠵᠢᠯᠠᠭᠤᠯᠤᠯᠲᠠ᠂ ᠲᠠᠷᠢᠶᠠᠴᠢᠨ ᠠᠶᠢᠯ ᠤᠨ ᠪᠠᠶᠠᠰᠤᠯ ᠪᠣᠯᠤᠨ ᠣᠢ ᠶᠢᠨ ᠠᠵᠤ ᠠᠬᠤᠶ ᠶᠢᠨ ᠬᠥᠭᠵᠢᠯᠲᠡ ᠤᠯᠠᠮ ᠠᠴᠠ ᠤᠯᠠᠮ ᠰᠠᠶᠢᠵᠢᠷᠠᠵᠤ᠂ ᠲᠠᠷᠢᠶᠠᠴᠢᠤᠨ ᠤᠨ ᠠᠮᠢᠳᠤᠷᠠᠯ ᠴᠦ ᠤᠯᠠᠮ ᠠᠴᠠ ᠤᠯᠠᠮ ᠰᠠᠶᠢᠨ ᠪᠤᠯᠵᠤ᠂ ᠭᠠᠳᠠᠭᠰᠢ ᠭᠠᠷᠴᠤ ᠠᠵᠢᠯ ᠬᠢᠵᠦ ᠪᠠᠶᠢᠭ᠎ᠠ ᠲᠠᠷᠢᠶᠠᠴᠢᠳ ᠲᠠᠰᠤᠷᠠᠯᠳᠠ ᠦᠭᠡᠢ ᠪᠣᠴᠠᠨ ᠢᠷᠡᠵᠦ᠂ ᠪᠦᠬᠦ᠋ᠢᠯᠡ ᠲᠣᠰᠬᠤᠨ ᠤ ᠠᠵᠤ ᠠᠬᠤᠶ᠂ ᠨᠡᠶᠢᠭᠡᠮ ᠳᠤ ᠴᠦᠮ ᠰᠠᠶᠢᠨ ᠰᠠᠶᠢᠬᠠᠨ ᠬᠤᠪᠢᠷᠠᠯᠲᠠ ᠭᠠᠷᠴᠤ ᠪᠠᠶᠢᠨ᠎ᠠ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号