ᠤᠯᠤᠰ ᠤᠨ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠳᠡᠳ᠋ ᠳᠠᠷᠤᠭ᠎ᠠ ᠶᠠᠨ ᠰᠢᠶᠤᠤ ᠬᠤᠩ      ᠨᠣᠮ ᠪᠢᠴᠢᠭ ᠤᠨ ᠦᠵᠡᠭᠦᠯᠦᠯᠭᠡ ᠶᠢᠨ ᠴᠤᠭᠯᠠᠭᠠᠨ ᠤ ᠪᠡᠯᠡᠳᠬᠡᠯ ᠠᠵᠢᠯ ᠢ ᠠᠬᠤᠢ ᠶᠢᠨ ᠲᠠᠯᠠᠪᠠᠢ ᠳᠤ ᠬᠦᠷᠴᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2016/4/13
      4 ᠳ᠋ᠦ᠋ᠭᠡᠷ ᠰᠠᠷ᠎ᠠ ᠶᠢᠨ 11᠎ ᠤ ᠡᠳᠦᠷ᠂ ᠤᠯᠤᠰ ᠤᠨ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠳᠡᠳ᠋ ᠳᠠᠷᠤᠭ᠎ᠠ ᠶᠠᠨ ᠰᠢᠶᠤᠤ ᠬᠤᠩ᠂ ᠬᠡᠪᠯᠡᠵᠦ ᠲᠠᠷᠬᠠᠭᠠᠬᠤ ᠵᠤᠷᠭᠠᠨ ᠤ ᠳᠠᠷᠤᠭ᠎ᠠ ᠸᠠᠩ ᠶᠠᠨ ᠪᠢᠨ ᠲᠦᠷᠦᠭᠦᠲᠡᠶ ᠬᠥᠮᠦᠰ ᠪᠤᠭᠤᠲᠤ ᠬᠤᠳᠠ ᠳᠤ ᠢᠷᠡᠵᠦ᠂ ᠬᠤᠷᠢᠨ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠨᠣᠮ ᠪᠢᠴᠢᠭ ᠤᠨ ᠠᠷᠠᠯᠵᠢᠶᠠᠨ ᠤ ᠴᠤᠭᠯᠠᠭᠠᠨ ᠤ ᠪᠡᠯᠡᠳᠬᠡᠯ ᠠᠵᠢᠯ ᠤᠨ ᠠᠬᠤᠢ ᠶᠢᠨ ᠲᠠᠯᠠᠪᠠᠢ ᠎ ᠶᠢᠨ ᠪᠠᠶᠢᠴᠠᠭᠠᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠢᠶᠠᠩ ᠪᠦᠸᠧ ᠶᠠᠨ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠦᠨ ᠬᠤᠩ ᠮᠧᠢ ᠪᠠ ᠳᠡᠳ᠋ ᠳᠠᠷᠤᠭ᠎ᠠ ᠯᠦ ᡁᠢ ᠪᠠᠷ᠎ᠠ ᠪᠣᠯᠪᠠ᠃
     ᠶᠠᠨ ᠰᠢᠶᠤᠤ ᠬᠤᠩ ᠵᠡᠷᠭᠡ ᠬᠥᠮᠥᠰ ᠪᠤᠭᠤᠲᠤ ᠬᠤᠲᠠ ᠶᠢᠨ ᠣᠯᠠᠨ ᠤᠯᠤᠰ ᠤᠨ ᠬᠤᠷᠠᠯ ᠴᠤᠭᠯᠠᠭᠠᠨ ᠤ ᠲᠥᠪ ᠂ ᠪᠤᠭᠤᠲᠤ ᠬᠤᠲᠠ ᠶᠢᠨ ᠲᠥᠯᠥᠪᠵᠢᠭᠦᠯᠭᠡ ᠶᠢᠨ ᠣᠷᠳᠣᠨ᠂ ᠪᠤᠭᠤᠲᠤ ᠬᠤᠲᠠ ᠶᠢᠨ ᠲᠢᠶᠠᠲᠷ ᠵᠡᠷᠭᠡ ᠬᠤᠷᠢᠨ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠨᠣᠮ ᠪᠢᠴᠢᠭ ᠤᠨ ᠠᠷᠠᠯᠵᠢᠶᠠᠨ ᠤ ᠴᠤᠭᠯᠠᠭᠠᠨ ᠤ ᠭᠤᠣᠯ ᠣᠷᠳᠣᠨ ᠲᠠᠯᠠᠪᠠᠢ ᠨᠤᠭᠤᠳ ᠤᠨ ᠪᠡᠯᠡᠳᠬᠡᠯ ᠠᠵᠢᠯ ᠢ ᠠᠬᠤᠢ ᠶᠢᠨ ᠲᠠᠯᠠᠪᠠᠢ ᠳᠤᠨᠢ ᠰᠢᠨᠵᠢᠯᠡᠨ ᠪᠠᠶᠢᠴᠠᠭᠠᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠰᠣᠨᠣᠰᠪᠠ᠃ ᠶᠠᠨ ᠰᠢᠶᠤᠤ ᠬᠤᠩ ᠨᠣᠮ ᠪᠢᠴᠢᠭ ᠤᠨ ᠦᠵᠡᠭᠦᠯᠦᠯᠭᠡ ᠶᠢᠨ ᠴᠤᠭᠯᠠᠭᠠᠨ ᠤ ᠪᠡᠯᠡᠳᠬᠡᠯ ᠠᠵᠢᠯ ᠢ ᠭᠦᠢᠴᠡᠳ ᠨᠤᠲᠠᠯᠠᠬᠤ ᠶᠢᠨ ᠬᠠᠮᠲᠤ ᠲᠥᠰᠦᠯ ᠢ ᠨᠠᠷᠢᠯᠢᠭᠵᠢᠭᠤᠯᠬᠤ᠂ ᠴᠤᠭᠯᠠᠭᠠᠨ ᠦᠵᠡᠭᠦᠯᠦᠯᠭᠡ ᠶᠢ ᠰᠠᠶᠢᠲᠤᠷ ᠠᠳᠬᠤᠬᠤ᠂ ᠶᠠᠷᠢᠶᠠᠨ ᠤ ᠲᠠᠪᠴᠠᠩ ᠥᠷᠨᠢᠭᠦᠯᠬᠦ᠂ ᠵᠣᠬᠢᠶᠠᠨ ᠪᠠᠶᠢᠭᠤᠯᠤᠨ ᠵᠣᠬᠢᠴᠠᠭᠤᠯᠬᠤ᠂ ᠠᠷᠪᠢᠯᠠᠨ ᠭᠠᠮᠨᠠᠬᠤ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号