3 ᠳ᠋ᠤᠭᠠᠷ ᠰᠠᠷ᠎ᠠ ᠠᠴᠠ ᠡᠬᠢᠯᠡᠨ᠂ ᠪᠠᠶᠠᠨᠨᠠᠭᠤᠷ ᠬᠤᠳᠠ ᠰᠢᠪᠲᠤᠯᠤᠯᠲᠠ ᠶᠢᠨ ᠡᠷᠴᠢᠮ ᠢᠶᠠᠨ | ᠴᠢᠩᠭᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ︽ᠠᠷᠪᠠ ᠶᠢ ᠪᠦᠷᠢᠨ ᠪᠦᠷᠬᠦᠬᠦᠯᠬᠦ︾ ᠢᠨᠵᠧᠨᠧᠷᠢᠩ ᠢ | ᠦᠷᠭᠦᠯᠵᠢᠯᠡᠨ ᠲᠦᠯᠬᠢᠨ ᠠᠬᠢᠭᠤᠯᠵᠤ᠂ ᠲᠤᠶᠢᠯ ᠤᠨ ᠣᠨᠣᠪᠴᠢᠲᠠᠶ ᠪᠠᠷ ᠶᠠᠳᠠᠭᠤ ᠶᠢ ᠲᠡᠳᠬᠦᠬᠦ᠂ ᠠᠵᠤ ᠦᠢᠯᠡᠰ ᠤᠨ | ᠬᠥᠭᠵᠢᠯᠲᠡ᠂ ᠠᠶᠢᠯ ᠲᠣᠰᠬᠤᠨ ᠤ ᠰᠤᠷᠲᠠᠯ ᠪᠣᠯᠪᠠᠰᠤᠨ ᠪᠠ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ | ᠵᠡᠷᠭᠡ ᠳᠤᠨᠢ ᠠᠬᠢᠭᠤᠯᠪᠠ᠃ ᠣᠳᠣᠬᠠᠨ ᠳᠤ᠂ ᠪᠦᠬᠦ ᠬᠤᠲᠠ ᠶᠢᠨ ᠮᠠᠯᠵᠢᠬᠤ ᠲᠠᠷᠢᠶᠠᠯᠠᠬᠤ ᠤᠷᠤᠨ ᠤ ︽ᠠᠷᠪᠠ ᠶᠢ | ᠪᠦᠷᠢᠨ ᠪᠦᠷᠭᠦᠭᠦᠯᠬᠦ︾ ᠢᠨᠵᠧᠨᠧᠷᠢᠩ ᠪᠦᠬᠦ ᠲᠠᠯ᠎ᠠ ᠪᠠᠷ ᠠᠵᠢᠯ ᠢᠶᠠᠨ ᠰᠡᠷᠭᠦᠭᠡᠵᠤ᠂ ᠡᠯ᠎ᠡ ᠬᠤᠰᠢᠭᠤ ᠰᠢᠶᠠᠨ | ᠲᠣᠭᠤᠷᠢᠭ ᠲᠤ ᠲᠠᠷᠬᠠᠵᠤ ᠪᠠᠶᠢᠭ᠎ᠠ 120 ᠭᠠᠷᠤᠶ ᠪᠠᠷᠢᠯᠭ᠎ᠠ ᠶᠢᠨ ᠠᠩᠭᠢ ᠨᠢ 53000 ᠭᠠᠷᠤᠶ ᠨᠤᠷᠠᠬᠤ ᠠᠶᠤᠯᠲᠠᠶ | ᠭᠡᠷ ᠪᠠᠶᠢᠰᠢᠩ᠂ ᠳᠠᠭᠠᠯᠲᠠ ᠬᠡᠷ ᠪᠠᠶᠢᠰᠢᠩ᠂ ᠰᠢᠷᠤᠢ ᠶᠢᠨ ᠬᠦᠷᠢᠶ᠎ᠡ ᠵᠡᠷᠭᠡ ᠶᠢ ᠨᠢᠭᠡᠨᠲᠡ ᠨᠤᠷᠠᠭᠠᠨ ᠪᠠᠭᠤᠯᠭᠠᠵᠤ᠂ | 1696 ᠲᠦᠮᠡᠨ ᠲᠣᠨ ᠤ ︽ᠲᠠᠪᠤᠨ ᠤᠪᠤᠭ᠎ᠠ︾ ᠬᠤᠭ ᠨᠣᠪᠰᠢ ᠶᠢ ᠴᠡᠪᠡᠷᠯᠡᠨ ᠲᠡᠭᠡᠭᠡᠪᠤᠷᠢᠯᠡᠭᠰᠡᠨ ᠪᠠᠶᠢᠨ᠎ᠠ ᠃ | ᠣᠶᠢᠯᠠᠭᠠᠭᠰᠠᠨ ᠢᠶᠠᠷ᠂ ᠡᠨᠡ ᠵᠢᠯ ᠪᠠᠶᠠᠨᠨᠠᠭᠤᠷ ᠬᠤᠳᠠ 46 ᠳ᠋ᠦᠩᠰᠢᠭᠤᠷ ᠲᠥᠭᠦᠷᠢᠭ ᠤᠨ ᠪᠡᠯᠡ | ᠤᠷᠤᠭᠤᠯᠵᠤ᠂ ᠦᠯᠡᠳᠡᠵᠤ ᠪᠠᠶᠢᠭ᠎ᠠ 35 ᠵᠠᠰᠠᠭ ᠵᠠᠬᠢᠷᠭᠠᠨ ᠤ ᠭᠠᠴᠠᠭ᠎ᠠ ᠲᠣᠰᠬᠤᠨ᠂ 982 ᠨᠡᠯᠢᠶᠡᠳ ᠶᠡᠭᠡ | ᠪᠠᠶᠢᠭᠠᠯᠢᠯᠢᠭ ᠲᠤᠰᠬᠤᠨ ᠪᠣᠯᠤᠨ 1490 ᠪᠤᠰᠤᠳ ᠪᠠᠶᠢᠭᠠᠯᠢᠯᠢᠭ ᠠᠶᠢᠯ ᠲᠣᠰᠬᠤᠨ ᠤ ︽ᠠᠷᠪᠠ ᠶᠢ ᠪᠦᠷᠢᠨ | ᠪᠦᠷᠬᠦᠬᠦᠯᠬᠦ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠪᠠᠷ ᠲᠦᠯᠦᠪᠯᠡᠵᠤ | ᠪᠠᠶᠢᠨ᠎ᠠ᠃ ᠣᠳᠣᠬᠠᠨ ᠳᠤ᠂ 80% ᠶᠢᠨ ᠲᠥᠷᠥᠯ ᠵᠦᠢᠯ ᠤᠨ ᠪᠡᠯᠡ ᠮᠥᠩᠭᠦ ᠶᠢ ᠪᠠᠭᠤᠯᠭᠠᠵᠤ ᠂ | ᠢᠨᠵᠧᠨᠧᠷᠢᠩ ᠳᠤ ᠬᠡᠷᠡᠭᠰᠡᠬᠦ ᠪᠠᠷᠢᠯᠭ᠎ᠠ ᠶᠢᠨ ᠮᠠᠲ᠋ᠧᠷᠢᠶᠠᠯ ᠤᠳ ᠢ ᠨᠢᠭᠡᠨᠲᠡ ᠬᠤᠳᠠᠯᠳᠤᠨ ᠠᠪᠴᠤ᠂ 4 ᠳ᠋ᠤᠭᠡᠷ | ᠰᠠᠷ᠎ᠠ ᠶᠢᠨ ᠡᠬᠢ ᠪᠠᠷ ᠰᠢᠷᠣᠶ ᠮᠣᠳᠣᠨ ᠤ ᠪᠠᠷᠢᠯᠭ᠎ᠠ ᠶᠢᠨ ᠠᠵᠢᠯ ᠡᠬᠢᠯᠡᠬᠦ ᠦᠶᠡᠰ ᠬᠡᠷᠡᠭᠰᠡᠬᠦ ᠪᠠᠷᠢᠯᠭ᠎ᠠ ᠶᠢᠨ | ᠮᠠᠲ᠋ᠧᠷᠢᠶᠠᠯ ᠢ ᠡᠯ᠎ᠡ ᠪᠠᠷᠢᠯᠭ᠎ᠠ ᠶᠢᠨ ᠭᠠᠵᠠᠷ ᠲᠤ ᠬᠤᠭᠤᠴᠠᠭ᠎ᠠ ᠶᠣᠰᠣᠭᠠᠷ ᠲᠡᠭᠡᠭᠡᠪᠦᠷᠢᠯᠡᠨ ᠬᠦᠷᠬᠡᠬᠦ ᠪᠠᠷ ᠪᠡᠯᠡᠭᠡᠨ | ᠪᠤᠯᠵᠤ᠂ ᠦᠯᠡᠳᠡᠵᠤ ᠪᠠᠶᠢᠭ᠎ᠠ ᠪᠡᠯᠡ ᠮᠥᠩᠭᠦ ᠶᠢ 6 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ ᠪᠥᠬᠦᠨ ᠢ | ᠪᠣᠳᠠᠲᠠᠶᠢᠵᠢᠭᠤᠯᠬᠤ ᠪᠠᠷ ᠪᠠᠶᠢᠨ᠎ᠠ᠃ | ᠪᠠᠶᠠᠨᠨᠠᠭᠤᠷ ᠬᠤᠳᠠ ᠲᠥᠷᠥᠯ ᠵᠦᠢᠯ ᠢ ᠡᠮᠬᠢᠯᠡᠨ ᠨᠡᠶᠢᠯᠡᠭᠦᠯᠵᠦ᠂ ᠮᠥᠩᠭᠦᠨ ᠭᠦᠢᠯᠭᠡᠭᠡᠨ ᠤ ᠵᠢᠭᠡᠯᠡᠯᠭᠡ | ᠲᠠᠯᠪᠢᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠤᠯᠠᠨ ᠠᠷᠭ᠎ᠠ | ᠵᠠᠮ ᠢᠶᠠᠷ ᠴᠤᠭᠯᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠦᠳᠦᠭᠡᠠ ᠪᠠᠶᠢᠭᠤᠯᠤᠨ | ᠥᠭᠡᠷᠡᠴᠢᠯᠡᠨ ᠰᠢᠨᠡᠳᠭᠡᠵᠤ᠂ ᠬᠥᠳᠡᠭᠡ ᠲᠣᠰᠬᠤᠨ ᠤ ᠳᠦᠷᠰᠦ ᠪᠠᠶᠢᠳᠠᠯ ᠪᠤᠯᠤᠨ ᠬᠥᠳᠡᠭᠡ ᠨᠤᠲᠤᠭ ᠤᠨ | ᠦᠵᠡᠮᠵᠢ ᠶᠢ ᠬᠠᠳᠠᠭᠠᠯᠠᠵᠤ᠂ ︽ᠤᠰᠤ᠂ ᠨᠣᠭᠤᠭᠠᠨ᠂ ᠰᠣᠶᠣᠯ︾ ᠤᠨ ᠣᠨᠴᠠᠯᠢᠭ ᠢ ᠢᠯᠡᠷᠡᠭᠦᠯᠬᠦ ᠪᠤᠯᠤᠨ᠎ᠠ᠃ | ᠡᠭᠦᠨ ᠤ ᠬᠠᠮᠲᠤ᠂ ᠪᠠᠭᠤᠷᠠᠶ ᠲᠠᠯ᠎ᠠ ᠶᠢ ᠴᠢᠩᠭ᠎ᠠ ᠠᠳᠬᠤᠵᠤ᠂ ᠰᠢᠪᠲᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ | ᠲᠤᠶᠢᠯ ᠤᠨ ᠣᠨᠣᠪᠴᠢᠲᠠᠶ ᠪᠠᠷ ᠶᠠᠳᠠᠭᠤ ᠶᠢ ᠲᠡᠳᠬᠦᠬᠦ ᠂ ᠠᠵᠤ ᠦᠢᠯᠡᠰ ᠤᠨ ᠬᠥᠭᠵᠢᠯᠲᠡ᠂ ᠠᠶᠢᠯ ᠲᠣᠰᠬᠤᠨ ᠤ | ᠰᠤᠷᠲᠠᠯ ᠪᠣᠯᠪᠠᠰᠤᠨ ᠪᠠ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠬᠠᠮᠲᠤ ᠳᠤᠨᠢ ᠲᠦᠯᠬᠢᠨ | ᠠᠬᠢᠭᠤᠯᠵᠤ᠂ ᠵᠢᠯ ᠤᠨ ᠳᠣᠲᠣᠷ᠎ᠠ ᠲᠦᠯᠦᠪᠵᠢᠬᠦᠯᠵᠤ ᠦᠯᠡᠳᠡᠭᠰᠡᠨ ᠠᠶᠢᠯ ᠲᠣᠰᠬᠤᠨ ᠤ ︽ᠠᠷᠪᠠ ᠶᠢ ᠪᠦᠷᠢᠨ | ᠪᠦᠷᠭᠦᠭᠦᠯᠬᠦ︾ ᠶᠢ ᠦᠨᠳᠦᠰᠦᠨ ᠳᠤᠨᠢ ᠪᠡᠶᠡᠯᠡᠬᠦᠯᠬᠦ ᠪᠤᠯᠤᠨ᠎ᠠ᠃ |