ᠡᠷᠢᠶᠡᠨ ᠬᠤᠲᠠ ᠶᠢᠨ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠪᠣᠯᠤᠨ ᠮᠣᠩᠭᠤᠯ ᠤᠯᠤᠰ ᠤᠨ ᠤᠯᠠᠭᠠᠨᠪᠠᠭᠠᠲᠤᠷ ᠤᠨ ᠠᠪᠤᠷᠭᠤ ᠭᠦᠷᠪᠡᠯ ᠤᠨ ᠲᠥᠪ ᠮᠦᠽᠧᠶ ᠯᠦᠭᠡ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2016/4/13
      4 ᠳ᠋ᠦ᠋ᠭᠡᠷ ᠰᠠᠷ᠎ᠠ ᠶᠢᠨ 10᠎ ᠤ ᠡᠳᠦᠷ᠂ ᠮᠣᠩᠭᠤᠯ ᠤᠯᠤᠰ ᠤᠨ ᠤᠯᠠᠭᠠᠨᠪᠠᠭᠠᠲᠤᠷ ᠤᠨ ᠠᠪᠤᠷᠭᠤ ᠭᠦᠷᠪᠡᠯ ᠤᠨ ᠲᠥᠪ ᠮᠦᠽᠧᠶ ᠶᠢᠨ 12 ᠬᠥᠮᠦᠨ ᠤ ᠲᠥᠯᠥᠭᠡᠯᠡᠭᠴᠢᠳ ᠤᠨ ᠪᠦᠯᠬᠦᠮ ᠡᠷᠢᠶᠡᠨ ᠬᠤᠲᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠲᠤ ᠬᠦᠷᠴᠦ ᠲᠣᠭᠤᠷᠢᠨ ᠦᠵᠡᠵᠦ ᠰᠣᠯᠢᠯᠴᠠᠭᠰᠠᠨ ᠪᠥᠭᠡᠳ ᠬᠠᠮᠲᠤᠷᠠᠯᠴᠠᠭᠠᠨ ᠤ ᠬᠡᠯᠡᠯᠴᠡᠭᠡ ᠬᠢᠪᠡ᠃ ᠬᠤᠶᠠᠷ ᠲᠠᠯ᠎ᠠ ᠪᠠᠷ ᠢᠶᠠᠨ ᠡᠷᠬᠡ ᠲᠡᠭᠰᠢ ᠬᠠᠷᠢᠯᠴᠠᠨ ᠠᠰᠢᠭᠲᠠᠶ ᠪᠠᠶᠢᠬᠤ ᠰᠠᠭᠤᠷᠢᠨ ᠳᠡᠭᠡᠷ᠎ᠡ᠂ ᠮᠦᠽᠧᠶ ᠶᠢᠨ ᠦᠢᠯᠡᠰ ᠢ ᠬᠥᠭᠵᠢᠭᠦᠯᠬᠦ ᠲᠤᠬᠠᠢ ᠬᠠᠮᠲᠤᠷᠠᠯᠴᠠᠭ᠎ᠠ ᠬᠢᠵᠦ᠂ ᠣᠶᠢᠯᠠᠭᠠᠯᠴᠠᠭ᠎ᠠ ᠪᠠᠨ ᠴᠢᠩᠭᠠᠳᠬᠠᠵᠤ᠂ ᠲᠣᠭᠲᠠᠪᠤᠷᠢᠲᠠᠶ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠬᠤ ᠶᠢ ᠵᠣᠷᠢᠪᠠ᠃ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠳᠤ ᠳᠣᠣᠷᠠᠬᠢ ᠵᠦᠢᠯ ᠪᠠᠭᠲᠠᠨ᠎ᠠ᠄ ᠬᠤᠶᠠᠷ ᠲᠠᠯ᠎ᠠ ᠪᠠᠷ ᠢᠶᠠᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠨ ᠳᠠᠬᠢ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠥᠷᠭᠡᠳᠬᠡᠵᠦ᠂ ᠮᠦᠽᠧᠶ ᠶᠢᠨ ᠬᠥᠮᠦᠨ ᠤ ᠬᠦᠴᠦᠨ ᠤ ᠡᠬᠢ ᠪᠠᠶᠠᠯᠢᠭ ᠢ ᠴᠢᠩᠭᠠᠳᠬᠠᠵᠤ᠂ ᠦᠵᠡᠭᠦᠯᠦᠯᠭᠡ ᠶᠢᠨ ᠴᠤᠭᠯᠠᠭᠠᠨ ᠢ ᠬᠠᠮᠲᠤᠷᠠᠨ ᠡᠷᠬᠢᠯᠡᠵᠦ᠂ ᠰᠣᠶᠣᠯ ᠤᠨ ᠥᠪ ᠢ ᠰᠡᠷᠭᠦᠭᠡᠵᠦ᠂ ᠦᠵᠡᠮᠦᠷᠢ ᠳᠡᠯᠭᠡᠨ ᠦᠵᠡᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠮᠡᠳᠡᠭᠡ ᠵᠠᠩᠭᠢ ᠪᠠ ᠦᠷ᠎ᠡ ᠪᠦᠲᠦᠭᠡᠯ ᠢᠶᠠᠨ ᠰᠣᠯᠢᠯᠴᠠᠬᠤ᠂ ᠰᠣᠨᠢᠨ ᠮᠡᠳᠡᠭᠡ ᠤᠬᠠᠭᠤᠯᠭ᠎ᠠ᠂ ᠣᠬᠤᠷ ᠬᠤᠭᠤᠴᠠᠭᠠᠨ ᠤ ᠪᠣᠯᠪᠠᠰᠤᠷᠠᠭᠤᠯᠤᠯ ᠢ ᠬᠠᠮᠲᠤᠷᠠᠨ ᠡᠷᠬᠢᠯᠡᠬᠦ ᠵᠡᠷᠭᠡ ᠲᠠᠯ᠎ᠠ ᠪᠠᠷ ᠰᠣᠯᠢᠯᠴᠠᠬᠤ ᠪᠠ ᠬᠠᠮᠲᠤᠷᠠᠨ ᠠᠵᠢᠯᠯᠠᠬᠤ ᠪᠣᠯᠣᠨ᠎ᠠ᠃ ᠡᠴᠦᠰ ᠲᠡᠭᠡᠨ ᠬᠤᠶᠠᠷ ᠲᠠᠯ᠎ᠠ ᠪᠠᠷ ᠢᠶᠠᠨ ᠰᠠᠨᠠᠯ ᠨᠢᠭᠡᠳᠴᠦ᠂ ᠬᠠᠮᠲᠤᠷᠠᠯᠴᠠᠭᠠᠨ ᠤ ᠰᠠᠨᠠᠮᠵᠢ ᠪᠢᠴᠢᠭ ᠢ ᠵᠥᠪᠰᠢᠶᠡᠷᠡᠵᠦ ᠭᠠᠷ ᠤᠨ ᠦᠰᠦᠭ ᠵᠢᠷᠤᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号