4 ᠳ᠋ᠦ᠋ᠭᠡᠷ ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠬᠢᠨᠠᠨ ᠵᠢᠯᠣᠭᠤᠳᠬᠤ ᠵᠦᠪᠯᠡᠯ ᠤᠨ ᠠᠯᠪᠠᠨ ᠭᠡᠷ 2016 ᠣᠨ ᠤ ᠪᠦᠬᠦ ᠣᠷᠣᠨ ᠤ ᠰᠤᠷᠭᠠᠨ | ᠬᠥᠮᠦᠵᠢᠯ ᠤᠨ ᠬᠢᠨᠠᠨ ᠵᠢᠯᠣᠭᠤᠳᠬᠤ ᠠᠵᠢᠯ ᠤᠨ ᠬᠤᠷᠠᠯ ᠬᠢᠵᠦ᠂ ᠤᠯᠤᠰ ᠤᠨ ᠰᠤᠷᠭᠠᠨ ᠬᠥᠮᠦᠵᠢᠯ ᠤᠨ ᠬᠢᠨᠠᠨ | ᠵᠢᠯᠣᠭᠤᠳᠬᠤ ᠬᠤᠯᠪᠣᠭᠳᠠᠯ ᠪᠦᠭᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠰᠤᠷᠭᠠᠨ | ᠬᠥᠮᠦᠵᠢᠯ ᠤᠨ ᠬᠢᠨᠠᠨ ᠵᠢᠯᠣᠭᠤᠳᠬᠤ ᠳᠦᠷᠢᠮ︾ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠰᠤᠷᠭᠠᠨ | ᠬᠥᠮᠦᠵᠢᠯ ᠤᠨ ᠬᠢᠨᠠᠨ ᠵᠢᠯᠣᠭᠤᠳᠬᠤ ᠵᠦᠪᠯᠡᠯ ᠤᠨ ᠠᠯᠪᠠᠨ ᠭᠡᠷ ᠤᠨ 2016 ᠣᠨ ᠤ ᠠᠵᠢᠯ ᠤᠨ ᠭᠤᠤᠯᠳᠠᠯᠭ᠎ᠠ | ᠵᠢᠴᠢ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠠ᠂ ᠰᠤᠷᠭᠠᠨ ᠬᠥᠮᠦᠵᠢᠯ ᠤᠨ | ᠲᠢᠩᠬᠢᠮ ᠤᠨ 2016 ᠣᠨ ᠤ ᠠᠵᠢᠯ ᠤᠨ ᠭᠤᠤᠯᠳᠠᠯᠭ᠎ᠠ ᠶᠢᠨ ᠬᠤᠯᠪᠣᠭᠳᠠᠯ ᠪᠦᠬᠦᠢ ᠠᠭᠤᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠠᠵᠢᠯ ᠤᠨ ᠳ᠋ᠦᠩᠨᠡᠯᠲᠡ ᠬᠢᠵᠦ᠂ ᠲᠤᠷᠰᠢᠯᠭ᠎ᠠ ᠪᠠᠨ ᠰᠣᠯᠢᠯᠴᠠᠵᠤ᠂ ᠪᠠᠶᠢᠳᠠᠯ ᠢ ᠰᠤᠳᠤᠯᠤᠨ | ᠮᠠᠭᠠᠳᠯᠠᠵᠤ᠂ 2016 ᠣᠨ ᠤ ᠠᠵᠢᠯ ᠤᠨ ᠡᠭᠦᠷᠭᠡ ᠶᠢ ᠪᠠᠶᠢᠷᠢᠯᠠᠭᠤᠯᠪᠠ᠃ | ᠬᠤᠷᠠᠯ ᠠᠴᠠ ᠲᠤᠳᠤᠷᠬᠠᠶᠢᠯᠠᠭᠰᠠᠨ ᠨᠢ᠂ 2016 ᠣᠨ ᠳᠤ ᠮᠠᠨ ᠤ ᠣᠷᠣᠨ ᠤ ᠰᠤᠷᠭᠠᠨ ᠬᠥᠮᠦᠵᠢᠯ ᠤᠨ | ᠬᠢᠨᠠᠨ ᠵᠢᠯᠣᠭᠤᠳᠬᠤ ᠠᠵᠢᠯ ᠨᠢ ︽ᠰᠢᠨ᠎ᠡ ᠶᠢ ᠡᠭᠦᠳᠬᠦ᠂ ᠵᠣᠬᠢᠴᠠᠭᠤᠯᠬᠤ᠂ ᠪᠤᠬᠢᠷᠳᠤᠯ ᠦᠭᠡᠢ᠂ ᠨᠡᠭᠡᠭᠡᠯᠲᠡ ᠬᠢᠬᠦ᠂ | ᠬᠠᠮᠲᠤ ᠪᠠᠷ ᠡᠳ᠋ᠯᠡᠬᠦ︾ ᠲᠠᠪᠤᠨ ᠶᠡᠭᠡ ᠬᠦᠭᠵᠢᠯᠲᠡ ᠶᠢᠨ ᠣᠨᠣᠯᠵᠢᠬᠤᠨ ᠢᠶᠠᠷ ᠬᠥᠲᠥᠯᠥᠨ ᠳᠠᠭᠠᠭᠤᠯᠵᠤ᠂ ︽ | ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ︾ ᠪᠠᠷ ᠭᠤᠣᠯ ᠰᠢᠵᠢᠮ ᠪᠣᠯᠭᠠᠵᠤ᠂ ᠵᠠᠰᠠᠭ ᠤᠨ ᠬᠢᠨᠠᠯᠲᠠ᠂ | ᠰᠤᠷᠭᠠᠭᠤᠯᠢ ᠶᠢᠨ ᠬᠢᠨᠠᠯᠲᠠ᠂ ᠦᠨᠡᠯᠡᠨ ᠰᠢᠯᠭᠠᠬᠤ ︽ᠭᠤᠷᠪᠠ ᠶᠢ ᠨᠢᠭᠡ ᠴᠤᠭᠴᠠᠵᠢᠭᠤᠯᠬᠤ︾ ᠰᠤᠷᠭᠠᠨ | ᠬᠥᠮᠦᠵᠢᠯ ᠤᠨ ᠬᠢᠨᠠᠨ ᠵᠢᠯᠣᠭᠤᠳᠬᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠥᠬᠦ ᠣᠷᠣᠨ ᠤ | ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠢ ᠤᠯᠠᠮ ᠨᠢᠭᠡ ᠠᠯᠬᠤᠮ ᠰᠠᠶᠢᠵᠢᠷᠠᠭᠤᠯᠤᠨ ᠴᠢᠩᠭᠠᠳᠬᠠᠵᠤ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠤᠷᠭᠠᠨ ᠬᠥᠮᠦᠵᠢᠯ ᠢ ᠦᠨᠡᠯᠡᠨ ᠵᠢᠱᠢᠵᠦ ᠬᠢᠨᠠᠨ ᠰᠢᠯᠭᠠᠬᠤ ᠳᠤᠮᠳᠠᠬᠢ | ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠢ ᠭᠦᠨᠵᠡᠭᠡᠶ᠂ | ᠨᠠᠷᠢᠨ ᠨᠢᠭᠲᠠ᠂ ᠴᠢᠩᠭ᠎ᠠ ᠨᠢᠮᠪᠠᠢ᠂ ᠰᠠᠶᠢᠲᠤᠷ ᠬᠢᠵᠦ᠂ ᠪᠦᠬᠦ ᠣᠷᠣᠨ ᠤ ᠰᠤᠷᠭᠠᠨ ᠬᠥᠮᠦᠵᠢᠯ ᠤᠨ ᠦᠢᠯᠡᠰ ᠤᠨ | ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠬᠠᠮᠠᠭᠠᠯᠠᠬᠤ ᠬᠡᠷᠡᠭᠲᠡᠢ ᠭᠡᠪᠡ᠃ | ᠬᠤᠷᠠᠯ ᠳᠡᠭᠡᠷ᠎ᠡ᠂ 2015 ᠣᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ | ᠦᠨᠳᠦᠰᠦᠨ ᠲᠡᠭᠡᠨ ᠲᠡᠩᠴᠡᠭᠦᠷᠢᠲᠡᠶ ᠰᠢᠶᠡᠨ ᠢᠶᠠᠷ ᠮᠠᠭᠠᠳᠯᠠᠨ ᠲᠣᠭᠲᠠᠭᠠᠭᠰᠠᠨ 25 ᠬᠤᠰᠢᠭᠤ ᠰᠢᠶᠠᠨ ︵ᠬᠤᠳᠠ᠂ | ᠲᠣᠭᠤᠷᠢᠭ︶ ᠳᠤ ᠢᠯᠡᠷᠡᠬᠡᠶᠢᠯᠡᠯ ᠤᠯᠭᠤᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ 2016 ᠣᠨ ᠳᠤ᠂ | ᠮᠠᠨ ᠤ ᠣᠷᠣᠨ ᠤ ᠰᠤᠷᠭᠠᠨ ᠬᠥᠮᠦᠵᠢᠯ ᠤᠨ ᠣᠳᠣᠬᠢᠴᠢᠯᠠᠯᠲᠠ ᠪᠦᠬᠦ ᠲᠠᠯ᠎ᠠ ᠪᠠᠷ ᠠᠬᠢᠬᠤ ᠱᠠᠲᠤᠨ ᠳᠤ ᠣᠷᠣᠵᠤ᠂ | ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠳᠤ ᠥᠭᠡᠷᠡᠴᠢᠯᠡᠯᠲᠡ᠂ ᠬᠦᠭᠵᠢᠯᠲᠡ᠂ ᠰᠢᠨ᠎ᠡ ᠶᠢ ᠡᠭᠦᠳᠬᠦ | ᠵᠡᠷᠭᠡ ᠴᠢᠬᠤᠯᠠ ᠶᠡᠭᠡ ᠠᠰᠠᠭᠤᠳᠠᠯ ᠲᠤᠯᠭᠠᠷᠠᠵᠤ ᠰᠤᠳᠤᠯᠤᠨ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ | ᠬᠥᠭᠵᠢᠯᠲᠡ ᠶᠢᠨ ᠰᠢᠨ᠎ᠡ ᠤᠨᠤᠯᠵᠢᠬᠤᠨ ᠢ ᠪᠤᠢ ᠪᠤᠯᠭᠠᠨ ᠪᠠᠬᠢᠵᠢᠭᠦᠯᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ | ᠵᠠᠰᠠᠭ ᠤᠨ ᠬᠢᠨᠠᠯᠲᠠ ᠪᠠ ᠰᠤᠷᠭᠠᠭᠤᠯᠢ ᠶᠢᠨ ᠬᠢᠨᠠᠯᠲᠠ ᠶᠢ ᠵᠡᠷᠭᠡᠪᠡᠷ ᠴᠢᠬᠤᠯᠠᠴᠢᠯᠠᠵᠤ᠂ ᠬᠢᠨᠠᠯᠲᠠ ᠲᠠᠯᠪᠢᠬᠤ ᠪᠠ | ᠬᠢᠨᠠᠨ ᠵᠢᠯᠤᠭᠤᠳᠬᠤ ᠬᠤᠤᠰᠠᠯᠠᠭᠤᠯᠤᠨ ᠶᠠᠪᠤᠭᠤᠯᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠬᠢᠨᠠᠨ | ᠵᠢᠯᠣᠭᠤᠳᠬᠤ ᠡᠷᠴᠢᠮ ᠬᠦᠴᠦᠨ ᠪᠠ ᠢᠲᠡᠭᠡᠭᠦᠯᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ︔ | ᠵᠣᠷᠢᠭᠲᠠᠶ ᠪᠠᠷ ᠰᠢᠨ᠎ᠡ ᠶᠢ ᠡᠭᠦᠳᠴᠦ᠂ ᠪᠣᠬᠢᠷᠲᠤᠯ ᠦᠭᠡᠢ ᠬᠢᠨᠠᠨ ᠵᠢᠯᠣᠭᠤᠳᠬᠤ ᠶᠢ ᠦᠢᠯᠡᠳᠦᠯᠭᠡᠵᠢᠭᠦᠯᠬᠦ ᠬᠡᠷᠡᠭᠲᠡᠢ︔ | ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠬᠢᠨᠠᠨ ᠵᠢᠯᠣᠭᠤᠳᠬᠤ ᠠᠮᠢᠵᠢᠷᠠᠯ ᠤᠨ ᠬᠦᠴᠦᠨ ᠢ ᠬᠦᠭᠵᠢᠭᠡᠬᠦ ᠬᠡᠷᠡᠭᠲᠡᠢ︔ | ᠨᠡᠭᠡᠭᠡᠯᠳᠡ ᠬᠢᠵᠦ ᠬᠠᠮᠲᠤᠪᠠᠷ ᠡᠳ᠋ᠯᠡᠵᠦ᠂ ᠬᠢᠨᠠᠨ ᠵᠢᠯᠣᠭᠤᠳᠬᠤ ᠨᠡᠶᠢᠯᠡᠮᠡᠯ ᠬᠦᠴᠦᠨ ᠢ ᠪᠤᠢ ᠪᠤᠯᠭᠠᠬᠤ ᠬᠡᠷᠡᠭᠲᠡᠢ︔ | ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠵᠦ᠂ ᠦᠨᠡᠨ ᠬᠦ ᠠᠮᠵᠢᠯᠲᠠ ᠪᠦᠲᠦᠭᠡᠯ ᠭᠠᠷᠭᠠᠬᠤ ᠬᠡᠷᠡᠭᠲᠡᠢ᠃ | ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠦᠭᠵᠢᠭᠦᠯᠬᠦ ᠪᠠᠷ ᠭᠤᠤᠯᠳᠠᠯᠭ᠎ᠠ ᠪᠤᠯᠭᠠᠨ᠂ ᠰᠤᠷᠭᠠᠨ | ᠬᠥᠮᠦᠵᠢᠯ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠪᠠᠷ ᠴᠢᠬᠤᠯᠠ ᠭᠠᠷᠳᠠᠴᠠ ᠪᠣᠯᠭᠠᠨ᠂ ᠰᠤᠷᠭᠠᠨ | ᠬᠥᠮᠦᠵᠢᠯ ᠤᠨ ᠬᠢᠨᠠᠨ ᠵᠢᠯᠣᠭᠤᠳᠬᠤ ᠰᠠᠶᠢᠨ ᠰᠠᠶᠢᠬᠠᠨ ᠠᠮᠢ ᠠᠬᠤᠢ ᠶᠢ ᠴᠢᠷᠮᠠᠶᠢᠨ ᠪᠠᠶᠢᠭᠤᠯᠵᠤ᠂ ᠠᠷᠠᠳ ᠲᠦᠮᠡᠨ | ᠬᠠᠨᠤᠮᠵᠢᠲᠠᠶ ᠰᠤᠷᠭᠠᠨ ᠬᠦᠮᠦᠵᠢᠯ ᠢ ᠰᠠᠶᠢᠲᠤᠷ ᠡᠷᠬᠢᠯᠡᠬᠦ ᠬᠡᠷᠡᠭᠲᠡᠢ ᠭᠡᠪᠡ᠃ | ᠬᠤᠷᠠᠯᠳᠤᠭᠠᠨ ᠨᠢ ᠪᠠᠰᠠ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠵᠢᠴᠢ ᠪᠦᠬᠦ ᠤᠯᠤᠰ ᠤᠨ | ᠳᠤᠮᠳᠠᠳᠤ ᠪᠠᠭ᠎ᠠ ᠰᠤᠷᠭᠠᠭᠤᠯᠢ ᠶᠢᠨ ᠫᠠᠶᠢᠰᠠ ᠡᠯᠭᠦᠨ ᠬᠢᠨᠠᠨ ᠵᠢᠯᠣᠭᠤᠳᠬᠤ ᠬᠠᠷᠢᠭᠤᠴᠠᠯᠭ᠎ᠠ ᠲᠠᠢ ᠰᠤᠷᠭᠠᠭᠤᠯᠢ ᠶᠢᠨ | ᠬᠢᠨᠠᠯᠲᠠ ᠶᠢᠨ ᠰᠢᠨ᠎ᠡ ᠶᠢ ᠡᠭᠦᠳᠦᠭᠰᠡᠨ ᠰᠢᠶᠠᠨ ︵ᠬᠤᠳᠠ᠂ ᠲᠣᠭᠤᠷᠢᠭ︶ ᠲᠤᠷᠰᠢᠯᠭ᠎ᠠ ᠪᠠᠨ ᠰᠤᠯᠢᠯᠴᠠᠵᠤ᠂ | ᠳᠤᠮᠳᠠᠳᠤ ᠪᠠᠭ᠎ᠠ ᠰᠤᠷᠭᠠᠭᠤᠯᠢ ᠶᠢᠨ ᠫᠠᠶᠢᠰᠠ ᠡᠯᠭᠦᠨ ᠬᠢᠨᠠᠨ ᠵᠢᠯᠣᠭᠤᠳᠬᠤ ᠬᠠᠷᠢᠭᠤᠴᠠᠯᠭ᠎ᠠ ᠲᠠᠢ ᠰᠤᠷᠭᠠᠭᠤᠯᠢ ᠶᠢᠨ | ᠬᠢᠨᠠᠯᠲᠠ ᠶᠢᠨ ᠰᠢᠨ᠎ᠡ ᠶᠢ ᠡᠭᠦᠳᠦᠭᠰᠡᠨ ᠰᠢᠶᠠᠨ ︵ᠬᠤᠳᠠ᠂ ᠲᠣᠭᠤᠷᠢᠭ︶ ᠢ ᠦᠨᠡᠯᠡᠬᠦ ᠲᠥᠰᠦᠯ ᠪᠠ | ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠢᠨᠵᠧᠨᠧᠷᠢᠩ ᠤᠨ | ᠦᠨᠡᠯᠡᠨ ᠵᠢᠱᠢᠵᠦ ᠰᠢᠯᠭᠠᠨ ᠠᠪᠬᠤ ᠪᠠᠷᠢᠮᠵᠢᠶ᠎ᠠ ᠶᠢ ᠳᠤᠭᠤᠶᠢᠯᠠᠩ ᠬᠤᠪᠢᠶᠠᠨ ᠶᠠᠷᠢᠯᠴᠠᠪᠠ᠃ ᠡᠴᠦᠰ ᠲᠤ᠂ ᠰᠤᠷᠭᠠᠨ | ᠬᠥᠮᠦᠵᠢᠯ ᠤᠨ ᠲᠢᠩᠬᠢᠮ ᠤᠨ ᠬᠢᠨᠠᠨ ᠵᠢᠯᠣᠭᠤᠳᠬᠤ ᠭᠡᠷ ᠤᠨ ᠵᠠᠩ ᠷᠦᠨ ᠾᠧᠦ ᠡᠷᠬᠢᠯᠡᠭᠴᠢ 2016 ᠣᠨ ᠤ | ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠡ᠃ |