ᠮᠠᠨᠵᠤᠤᠷ ᠬᠤᠲᠠ ᠨᠤᠲᠤᠭ ᠪᠡᠯᠴᠢᠭᠡᠷ ᠤᠨ ᠥᠮᠴᠢᠯᠡᠬᠦ ᠡᠷᠬᠡ ᠶᠢ ᠨᠤᠲᠠᠯᠠᠨ ᠲᠣᠭᠲᠠᠭᠠᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2016/4/14
     ᠣᠶᠢᠷ᠎ᠠ ᠳᠤ᠂ ᠮᠠᠨᠵᠤᠤᠷ ᠬᠤᠲᠠ ᠨᠤᠲᠤᠭ ᠪᠡᠯᠴᠢᠭᠡᠷ ᠤᠨ ᠥᠮᠴᠢᠯᠡᠬᠦ ᠡᠷᠬᠡ ᠶᠢ ᠨᠤᠲᠠᠯᠠᠨ ᠲᠣᠭᠲᠠᠭᠠᠬᠤ ᠠᠵᠢᠯ ᠤᠨ ᠬᠡᠷᠡᠭᠵᠢᠭᠦᠯᠬᠦ ᠲᠥᠰᠦᠯ ᠢ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠶᠠᠩ ᠶᠢᠨ ᠰᠥᠡᠭ ᠵᠢᠴᠢ ᠬᠠᠮᠢᠶ᠎ᠡ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ᠨᠤᠲᠤᠭ ᠪᠡᠯᠴᠢᠭᠡᠷ ᠤᠨ ᠥᠮᠴᠢᠯᠡᠬᠦ ᠡᠷᠬᠡ ᠶᠢ ᠨᠤᠲᠠᠯᠠᠨ ᠲᠣᠭᠲᠠᠭᠠᠬᠤ ᠠᠵᠢᠯ᠂ ᠤᠢ ᠰᠢᠭᠤᠶ ᠨᠤᠲᠤᠭ ᠪᠡᠯᠴᠢᠭᠡᠷ ᠢ ᠡᠪᠳᠡᠵᠦ ᠰᠦᠢᠳᠬᠡᠭᠰᠡᠨ ᠠᠵᠢᠯᠯᠠᠭ᠎ᠠ ᠳᠤ ᠴᠣᠬᠢᠯᠲᠠ ᠥᠭᠬᠦ ᠠᠵᠢᠯ ᠢ ᠥᠷᠨᠢᠭᠦᠯᠬᠦ ᠪᠠ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠬᠤ ᠠᠵᠢᠯ ᠤᠨ ᠠᠩᠬ᠎ᠠ ᠠᠯᠬᠤᠮ ᠤᠨ ᠬᠡᠷᠡᠭᠵᠢᠭᠦᠯᠬᠦ ᠲᠥᠰᠦᠯ ᠤᠨ ᠲᠣᠬᠠᠢ ᠬᠤᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠪᠣᠳᠠᠲᠠᠶ ᠪᠠᠶᠢᠳᠠᠯ ᠢ ᠰᠣᠨᠣᠰᠪᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠥᠰᠦᠯ ᠤᠨ ᠲᠣᠭᠲᠠᠭᠠᠯ ᠳᠤ ᠪᠣᠳᠠᠲᠠᠶ ᠰᠠᠨᠠᠯ ᠪᠣᠯᠣᠨ ᠰᠠᠨᠠᠭᠤᠯᠭ᠎ᠠ ᠳᠤᠷᠠᠳᠤᠭᠰᠠᠨ ᠪᠠᠶᠢᠨ᠎ᠠ᠃      ᠯᠢᠶᠠᠩ ᠶᠢᠨ ᠰᠥᠡᠭ ᠠᠴᠠ ᠣᠳᠣᠬᠠᠨ ᠳᠤ ᠮᠠᠨᠵᠤᠤᠷ ᠬᠤᠲᠠ ᠶᠢᠨ ᠨᠤᠲᠤᠭ ᠪᠡᠯᠴᠢᠭᠡᠷ ᠤᠨ ᠥᠮᠴᠢᠯᠡᠬᠦ ᠡᠷᠬᠡ ᠶᠢ ᠨᠤᠲᠠᠯᠠᠨ ᠲᠣᠭᠲᠠᠭᠠᠬᠤ ᠠᠵᠢᠯ ᠤᠨ ᠴᠠᠭ ᠪᠠᠴᠢᠮ᠂ ᠡᠭᠦᠷᠭᠡ ᠬᠦᠨᠳᠦ ᠪᠣᠯᠬᠤᠷ ᠡᠯ᠎ᠡ ᠰᠠᠯᠠᠭ᠎ᠠ ᠮᠥᠴᠢᠷ ᠤᠳ ᠡᠯ᠎ᠡ ᠲᠣᠭᠤᠷᠢᠭ ᠤᠨ ᠰᠠᠨᠠᠯ ᠢ ᠥᠷᠭᠡᠨ ᠢᠶᠠᠷ ᠰᠣᠨᠣᠰᠴᠤ᠂ ᠬᠠᠮᠢᠶ᠎ᠡ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠶ ᠰᠤᠷᠤᠯᠴᠠᠵᠤ᠂ ᠬᠡᠷᠡᠭᠵᠢᠭᠦᠯᠬᠦ ᠲᠥᠰᠦᠯ ᠢ ᠱᠠᠯᠠᠪᠬᠠᠨ ᠲᠣᠭᠲᠠᠭᠠᠬᠤ ᠶᠢᠨ ᠬᠠᠮᠲᠤ ᠡᠯ᠎ᠡ ᠲᠣᠭᠤᠷᠢᠭ ᠤᠳ ᠬᠠᠮᠢᠶ᠎ᠡ ᠪᠦᠬᠦᠢ ᠠᠵᠢᠯ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠳᠠᠷᠠᠭ᠎ᠠ ᠠᠯᠬᠤᠮ ᠤᠨ ᠠᠵᠢᠯ ᠤᠨ ᠲᠤᠬᠠᠶ ᠯᠢᠶᠠᠩ ᠶᠢᠨ ᠰᠥᠡᠭ ᠱᠠᠭᠠᠷᠳᠠᠭᠰᠠᠨ ᠨᠢ᠂ ᠡᠯ᠎ᠡ ᠬᠠᠮᠢᠶ᠎ᠡ ᠪᠦᠬᠦᠢ ᠰᠠᠯᠠᠭ᠎ᠠ ᠮᠥᠴᠢᠷ ᠤᠳ ᠤᠢ ᠮᠣᠳᠣ ᠨᠤᠲᠤᠭ ᠪᠡᠯᠴᠢᠭᠡᠷ ᠢ ᠡᠪᠳᠡᠵᠦ ᠰᠦᠢᠳᠬᠡᠭᠰᠡᠨ ᠬᠦᠷᠢᠶ᠎ᠡ ᠬᠡᠪᠴᠢᠶ᠎ᠡ ᠶᠢ ᠲᠣᠳᠣᠷᠬᠠᠶ ᠣᠶᠢᠯᠠᠭᠠᠵᠤ᠂ ᠨᠠᠷᠢᠨ ᠨᠢᠮᠪᠠᠶ ᠰᠢᠢᠳᠪᠦᠷᠢᠯᠡᠬᠦ ᠲᠥᠰᠦᠯ ᠲᠣᠭᠲᠠᠭᠠᠵᠤ᠂ ᠮᠠᠯᠵᠢᠬᠤ ᠣᠷᠣᠨ ᠤ ᠡᠶ᠎ᠡ ᠵᠣᠬᠢᠴᠠᠯ ᠪᠣᠯᠣᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠬᠡᠷᠡᠭᠲᠡᠶ ᠭᠡᠪᠡ᠃      ᠯᠢᠶᠠᠩ ᠶᠢᠨ ᠰᠥᠡᠭ ᠴᠢᠬᠤᠯᠠᠴᠢᠯᠠᠭᠰᠠᠨ ᠨᠢ᠂ ᠠᠵᠢᠯ ᠢ ᠥᠷᠨᠢᠭᠦᠯᠬᠦ ᠶᠠᠪᠤᠴᠠ ᠳᠤ ᠭᠡᠷᠪᠡ ᠮᠠᠯᠵᠢᠬᠤ ᠲᠠᠷᠢᠶᠠᠯᠠᠬᠤ ᠡᠷᠦᠬᠡ ᠠᠵᠢᠯ ᠢ ᠬᠠᠷᠰᠢᠯᠠᠬᠤ ᠵᠡᠷᠭᠡ ᠠᠰᠠᠭᠤᠳᠠᠯ ᠲᠤᠯᠭᠠᠷᠠᠪᠠᠯ᠂ ᠡᠯ᠎ᠡ ᠬᠠᠮᠢᠶ᠎ᠡ ᠪᠦᠬᠦᠢ ᠰᠠᠯᠠᠭ᠎ᠠ ᠮᠥᠴᠢᠷ ᠤᠳ ᠦᠯᠡᠳᠡᠭᠳᠡᠵᠦ ᠪᠠᠶᠢᠭ᠎ᠠ ᠠᠰᠠᠭᠤᠳᠠᠯ ᠢ ᠲᠤᠤᠱᠲᠠᠶ ᠰᠢᠢᠳᠪᠦᠷᠢᠯᠡᠵᠦ ᠴᠢᠳᠠᠭᠰᠠᠨ ᠡᠰᠡᠬᠦ᠂ ᠥᠭᠬᠦ ᠵᠣᠬᠢᠰᠲᠠᠢ ᠨᠥᠬᠦᠪᠥᠷᠢ ᠶᠢ ᠪᠣᠲᠠᠲᠠᠶᠢᠵᠢᠭᠤᠯᠤᠭᠰᠠᠨ ᠡᠰᠡᠬᠦ ᠶᠢ ᠲᠣᠳᠣᠷᠬᠠᠶ ᠣᠶᠢᠯᠠᠭᠠᠵᠤ᠂ ᠪᠣᠳᠠᠲᠠᠶ ᠠᠰᠠᠭᠤᠳᠠᠯ ᠳᠤ ᠬᠠᠨᠳᠤᠭᠤᠯᠤᠨ ᠰᠢᠢᠳᠪᠦᠷᠢᠯᠡᠬᠦ ᠰᠠᠨᠠᠯ ᠳᠤᠷᠠᠳᠴᠤ᠂ ᠨᠤᠲᠤᠭ ᠪᠡᠯᠴᠢᠭᠡᠷ ᠤᠨ ᠥᠮᠴᠢᠯᠡᠬᠦ ᠡᠷᠬᠡ ᠶᠢ ᠨᠤᠲᠠᠯᠠᠨ ᠲᠣᠭᠲᠠᠭᠠᠬᠤ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号