ᠣᠶᠢᠷ᠎ᠠ ᠳᠤ᠂ ᠳᠤᠮᠳᠠᠲᠤ ᠤᠯᠤᠰ ᠤᠨ ᠠᠷᠠᠳ ᠤᠨ ᠠᠭᠠᠷ ᠤᠨ ᠲᠡᠭᠡᠭᠡᠪᠤᠷᠢ ᠶᠢᠨ ᠰᠢᠨᠵᠢᠯᠡᠬᠦ ᠤᠬᠠᠭᠠᠨ | ᠮᠡᠷᠭᠡᠵᠢᠯ ᠢ ᠲᠦᠭᠡᠮᠡᠯᠵᠢᠭᠦᠯᠬᠦ ᠰᠠᠭᠤᠷᠢ ᠮᠥᠩᠭᠦᠨ ᠤ ᠨᠡᠶᠢᠭᠡᠮᠯᠢᠭ ᠤᠨ ᠤᠮᠠᠷᠠᠲᠤ ᠣᠷᠣᠨ ᠳᠤ ᠪᠠᠶᠢᠭᠤᠯᠬᠤ | ᠠᠩᠬᠠᠳᠠᠭᠴᠢ ᠠᠷᠠᠳ ᠤᠨ ᠠᠭᠠᠷ ᠤᠨ ᠲᠡᠭᠡᠭᠡᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ | ᠬᠥᠮᠦᠵᠢᠯ ᠤᠨ ᠰᠠᠭᠤᠷᠢᠨ ᠭᠠᠵᠠᠷ ᠢ ᠤᠷᠳᠤᠰ ᠨᠢᠰᠬᠡᠯ ᠤᠨ ᠪᠠᠭᠤᠳᠠᠯ ᠳᠤ ᠵᠢᠩᠬᠢᠨᠢ ᠪᠠᠷ ᠢᠯᠡᠷᠭᠡᠶᠢᠯᠡᠯ ᠡᠯᠭᠦᠨ | ᠪᠠᠶᠢᠭᠤᠯᠪᠠ᠂ ᠡᠨᠡ ᠨᠢ ᠤᠷᠳᠤᠰ ᠨᠢᠰᠬᠡᠯ ᠤᠨ ᠪᠠᠭᠤᠳᠠᠯ ᠨᠢ ᠳᠤᠮᠳᠠᠲᠤ ᠤᠯᠤᠰ ᠤᠨ ᠠᠷᠠᠳ ᠤᠨ ᠠᠭᠠᠷ ᠤᠨ | ᠲᠡᠭᠡᠭᠡᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠢᠰᠲ᠋ᠧᠮ ᠳᠤ ᠵᠢᠩᠬᠢᠨᠢ ᠪᠠᠷ ᠤᠷᠤᠭᠰᠠᠨ ᠢ | ᠬᠠᠷᠠᠭᠤᠯᠵᠤ ᠪᠠᠶᠢᠨ᠎ᠠ᠃ ᠳᠤᠮᠳᠠᠲᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠰᠢᠨᠵᠢᠯᠡᠬᠦ ᠤᠬᠠᠭᠠᠨ | ᠮᠡᠷᠭᠡᠵᠢᠯ ᠢ ᠲᠦᠭᠡᠮᠡᠯᠵᠢᠭᠦᠯᠬᠦ ᠰᠠᠭᠤᠷᠢ ᠮᠥᠩᠭᠦᠨ ᠤ ᠨᠡᠶᠢᠭᠡᠮᠯᠢᠭ ᠪᠣᠯ ᠳᠤᠮᠳᠠᠳᠤ ᠤᠯᠤᠰ ᠤᠨ ᠠᠷᠠᠳ ᠤᠨ | ᠠᠭᠠᠷ ᠤᠨ ᠠᠶᠠᠯᠠᠯ ᠤᠨ ᠲᠣᠪᠴᠢᠶ᠎ᠠ ᠠᠴᠠ ᠭᠤᠤᠯᠴᠢᠯᠠᠨ ᠬᠠᠮᠢᠶᠠᠷᠴᠤ᠂ ᠤᠯᠤᠰ ᠤᠨ ᠠᠷᠠᠳ ᠤᠨ ᠶᠠᠪᠤᠳᠠᠯ ᠤᠨ | ᠶᠠᠮᠤᠨ ᠢᠶᠠᠷ ᠵᠦᠪᠰᠢᠶᠡᠷᠡᠭᠦᠯᠦᠨ ᠪᠠᠶᠢᠭᠤᠯᠤᠭᠰᠠᠨ ᠪᠦᠬᠦ ᠤᠯᠤᠰ ᠤᠨ ᠴᠢᠨᠠᠷᠲᠠᠶ᠂ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠢᠯᠡ ᠪᠠᠷ ᠴᠤᠭᠯᠠᠭᠤᠯᠬᠤ ᠰᠠᠭᠤᠷᠢ ᠮᠥᠩᠭᠦᠨ ᠤ ᠨᠡᠶᠢᠭᠡᠮᠯᠢᠭ ᠪᠤᠯᠤᠨ᠎ᠠ᠂ ᠲᠡᠭᠦᠨ ᠤ ᠵᠤᠷᠢᠯᠭ᠎ᠠ ᠨᠢ | ᠠᠷᠠᠳ ᠤᠨ ᠠᠭᠠᠷ ᠤᠨ ᠲᠡᠭᠡᠭᠡᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠤᠨ | ᠬᠥᠭᠵᠢᠯᠲᠡ ᠶᠢ ᠠᠬᠢᠭᠤᠯᠵᠤ᠂ ᠠᠷᠠᠳ ᠤᠨ ᠠᠭᠠᠷ ᠤᠨ ᠲᠡᠭᠡᠭᠡᠪᠦᠷᠢ ᠶᠢᠨ ᠠᠵᠢᠯ ᠲᠦᠷᠦᠯ ᠤᠨ ᠰᠣᠶᠣᠯ ᠤᠨ | ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠠᠭᠠᠷ ᠤᠨ ᠡᠬᠢ ᠪᠠᠶᠠᠯᠢᠭ ᠢ ᠵᠦᠢ ᠵᠣᠬᠢᠰᠲᠠᠶ ᠪᠠᠷ ᠨᠡᠭᠡᠭᠡᠨ | ᠠᠰᠢᠭᠯᠠᠵᠤ᠂ ᠠᠵᠢᠯ ᠲᠥᠷᠥᠯ ᠤᠨ ᠡᠨᠧᠷᠭᠢ ᠠᠷᠪᠢᠯᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠠᠵᠢᠯ ᠢ ᠠᠬᠢᠭᠤᠯᠵᠤ᠂ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠦᠢᠯᠡᠰ ᠤᠨ ᠬᠥᠭᠵᠢᠯᠲᠡ ᠶᠢ | ᠲᠦᠯᠬᠢᠨ ᠠᠬᠢᠭᠤᠯᠵᠤ᠂ ᠨᠡᠶᠢᠭᠡᠮ ᠤᠨ ᠡᠯ᠎ᠡ ᠡᠲᠡᠭᠡᠳ ᠲᠤ ᠳᠤᠮᠳᠠᠲᠤ ᠤᠯᠤᠰ ᠤᠨ ᠠᠷᠠᠳ ᠤᠨ ᠠᠭᠠᠷ ᠤᠨ | ᠲᠡᠭᠡᠭᠡᠪᠦᠷᠢ ᠶᠢ ᠣᠶᠢᠯᠠᠭᠠᠵᠤ ᠲᠠᠨᠢᠭᠤᠯᠬᠤ ᠲᠠᠪᠴᠠᠩ ᠢ ᠪᠠᠶᠢᠭᠤᠯᠵᠤ ᠦᠭᠭᠦ ᠶᠠᠪᠤᠳᠠᠯ ᠪᠣᠯᠤᠨ᠎ᠠ᠃ ᠤᠷᠳᠤᠰ ᠤᠨ | ᠳᠤᠮᠳᠠᠲᠤ ᠤᠯᠤᠰ ᠤᠨ ᠠᠭᠠᠷ ᠤᠨ ᠲᠡᠭᠡᠭᠡᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ | ᠬᠥᠮᠦᠵᠢᠯ ᠤᠨ ᠰᠠᠭᠤᠷᠢᠨ ᠭᠠᠵᠠᠷ ᠢ ᠨᠡᠶᠢᠲᠡ ᠳᠥᠷᠪᠡᠨ ᠳᠡᠯᠭᠡᠨ ᠦᠵᠡᠭᠦᠯᠬᠦ ᠭᠠᠵᠠᠷ ᠪᠤᠯᠭᠠᠨ ᠬᠤᠪᠢᠶᠠᠵᠤ᠂ ᠨᠠᠷᠢᠨ | ᠪᠤᠳᠠᠲᠠᠢ ᠵᠢᠷᠤᠭᠲᠤ ᠮᠡᠳᠡᠭᠡ ᠵᠠᠩᠭᠢ ᠪᠠᠷ ᠳᠠᠮᠵᠢᠭᠤᠯᠤᠨ᠂ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠮᠡᠳᠡᠯᠭᠡ᠂ ᠳᠤᠮᠳᠠᠲᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠬᠥᠭᠵᠢᠯᠲᠡ ᠶᠢᠨ | ᠲᠡᠦᠬᠡ ᠪᠤᠯᠤᠨ ᠣᠷᠳᠣᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠬᠥᠭᠵᠢᠯᠲᠡ ᠬᠢᠭᠡᠳ ᠣᠳᠣᠬᠢ ᠪᠠᠶᠢᠳᠠᠯ | ᠲᠠᠢ ᠤᠶᠠᠯᠳᠤᠭᠤᠯᠵᠤ᠂ ᠠᠶᠠᠨᠴᠢᠳ ᠲᠤ ᠨᠢᠰᠭᠡᠯ ᠤᠷᠤᠶᠢᠲᠠᠬᠤ᠂ ᠠᠭᠠᠷ ᠤᠨ ᠠᠶᠠᠯᠠᠯ ᠤᠨ ᠵᠠᠬᠢᠷᠤᠨ ᠬᠠᠮᠢᠶᠠᠷᠬᠤ | ᠵᠡᠷᠭᠡ ᠠᠰᠠᠭᠤᠳᠠᠯ ᠳᠤ ᠲᠣᠳᠣᠷᠬᠠᠶ ᠬᠠᠷᠢᠭᠤᠯᠲᠠ ᠦᠭᠴᠦ ᠂ ᠤᠯᠠᠨ ᠲᠦᠮᠡᠨ ᠤ ᠠᠭᠠᠷ ᠤᠨ ᠠᠶᠠᠯᠠᠯ ᠤᠨ ᠠᠵᠢᠯ | ᠦᠢᠯᠡᠰ ᠤᠨ ᠲᠤᠬᠠᠶ ᠲᠠᠨᠢᠯᠲᠠ ᠶᠢ ᠬᠦᠨᠵᠡᠭᠡᠶᠢᠷᠡᠭᠦᠯᠬᠦ ᠪᠤᠯᠤᠨ᠎ᠠ᠃ | ᠳᠤᠮᠳᠠᠲᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠭᠠᠵᠠᠷ ᠢ ᠣᠷᠳᠣᠰ ᠲᠤ ᠪᠠᠶᠢᠭᠤᠯᠤᠭᠰᠠᠨ ᠨᠢ᠂ ᠣᠷᠳᠣᠰ ᠬᠤᠲᠠ ᠶᠢᠨ | ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠰᠣᠯᠢᠯᠴᠠᠭ᠎ᠠ ᠪᠠ ᠳᠡᠯᠭᠡᠷᠡᠭᠦᠯᠦᠯᠲᠡ᠂ | ᠠᠭᠠᠷ ᠤᠨ ᠠᠶᠠᠯᠠᠯ ᠤᠨ ᠠᠵᠤ ᠦᠢᠯᠡᠰ ᠤᠨ ᠬᠥᠭᠵᠢᠯᠲᠡ ᠵᠡᠷᠭᠡ ᠳᠤ ︽ᠨᠡᠪᠴᠢᠯᠡᠭᠦᠯᠦᠦᠷ︾ ᠤᠨ ᠦᠢᠯᠡᠳᠦᠯ ᠢ | ᠦᠵᠡᠭᠦᠯᠬᠦ ᠪᠤᠯᠤᠨ᠎ᠠ᠃ ᠤᠷᠳᠤᠰ ᠨᠢᠰᠬᠡᠯ ᠤᠨ ᠪᠠᠭᠤᠳᠠᠯ ᠴᠤ ᠡᠨᠡ ᠲᠠᠪᠴᠠᠩ ᠳᠤ ᠲᠦᠰᠢᠭᠯᠡᠨ᠂ ︽ᠠᠭᠠᠷ ᠤᠨ | ᠠᠶᠠᠯᠠᠯ ᠤᠨ ᠬᠦᠴᠦᠷᠬᠡᠭ ᠬᠤᠲᠠ ︾ ᠶᠢᠨ ᠪᠠᠶᠢᠯᠳᠤᠬᠤ ᠪᠤᠳᠤᠯᠭ᠎ᠠ ᠳᠤ ᠰᠠᠭᠤᠷᠢᠯᠠᠨ᠂ ᠨᠡᠩ ᠣᠯᠠᠨ ᠠᠵᠤ | ᠦᠢᠯᠡᠰ ᠤᠨ ᠲᠥᠷᠥᠯ ᠵᠦᠢᠯ ᠢ ᠲᠠᠲᠠᠨ ᠠᠪᠴᠢᠷᠠᠵᠤ᠂ ᠠᠭᠠᠷ ᠤᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ︽ | ᠲᠤᠮᠤ ᠬᠦᠢᠰᠦ ᠤᠷᠤᠨ᠂ ᠲᠤᠮᠤ ᠠᠭᠠᠷ ᠤᠨ ᠲᠡᠭᠡᠭᠡᠪᠦᠷᠢ ᠶᠢᠨ ᠭᠠᠷᠠᠮ᠂ ᠲᠤᠮᠤ ᠪᠠᠷᠠᠭ᠎ᠠ ᠶᠢᠨ ᠭᠦᠢᠯᠭᠡᠭᠡᠨ︾ ᠤ | ᠬᠥᠭᠵᠢᠯᠲᠡ ᠶᠢᠨ ᠬᠡᠪ ᠪᠠᠶᠢᠳᠠᠯ ᠢ ᠪᠦᠷᠢᠯᠳᠦᠭᠦᠯᠵᠤ᠂ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠦᠬᠦ | ᠤᠯᠤᠰ ᠤᠨ ᠬᠡᠪᠴᠢᠶᠡᠨ ᠳᠤ ᠰᠢᠨ᠎ᠡ ᠶᠢ ᠡᠭᠦᠳᠬᠦ᠂ ᠠᠷᠠᠳ ᠤᠨ ᠠᠭᠠᠷ ᠤᠨ ᠲᠡᠭᠡᠭᠡᠪᠦᠷᠢ ᠶᠢᠨ ᠰᠢᠨᠵᠢᠯᠡᠬᠦ ᠤᠬᠠᠭᠠᠨ | ᠮᠡᠷᠭᠡᠵᠢᠯ ᠢ ᠲᠦᠭᠡᠮᠡᠯᠵᠢᠭᠦᠯᠬᠦ ᠤᠯᠠᠨ ᠶᠠᠩᠵᠤ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠰᠢᠨᠵᠢᠯᠡᠬᠦ | ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠢ ᠨᠡᠶᠢᠭᠡᠮᠴᠢᠯᠡᠬᠦ᠂ ᠤᠯᠠᠨ ᠲᠦᠮᠡᠨᠴᠢᠯᠡᠬᠦ᠂ ᠪᠠᠶᠢᠡᠭᠭᠤᠵᠢᠭᠤᠯᠬᠤ ᠶᠢ | ᠲᠥᠯᠬᠢᠨ ᠠᠬᠢᠭᠤᠯᠵᠤ᠂ ᠨᠡᠩ ᠣᠯᠠᠨ ᠬᠦᠮᠦᠰ ᠢ ᠠᠷᠠᠳ ᠤᠨ ᠠᠭᠠᠷ ᠤᠨ ᠲᠡᠭᠡᠭᠡᠪᠦᠷᠢ ᠲᠠᠢ ᠤᠶᠢᠷᠠᠲᠠᠭᠤᠯᠤᠨ᠂ | ᠠᠷᠠᠳ ᠤᠨ ᠠᠭᠠᠷ ᠤᠨ ᠲᠡᠭᠡᠭᠡᠪᠦᠷᠢ ᠳᠤ ᠰᠡᠳᠬᠢᠯ ᠲᠠᠯᠪᠢᠭᠤᠯᠵᠤ᠂ ᠠᠷᠠᠳ ᠤᠨ ᠠᠭᠠᠷ ᠤᠨ ᠲᠡᠭᠡᠭᠡᠪᠦᠷᠢ ᠶᠢ | ᠬᠠᠯᠠᠮᠵᠢᠯᠠᠭᠤᠯᠵᠤ᠂ ᠠᠷᠠᠳ ᠤᠨ ᠠᠭᠠᠷ ᠤᠨ ᠲᠡᠭᠡᠭᠡᠪᠦᠷᠢ ᠶᠢᠨ ᠬᠦᠴᠦᠷᠭᠡᠭ ᠤᠯᠤᠰ ᠤᠨ ᠪᠠᠶᠢᠯᠳᠤᠬᠤ ᠪᠤᠳᠤᠯᠭ᠎ᠠ ᠶᠢ | ᠪᠡᠶᠡᠯᠡᠭᠦᠯᠬᠦ ᠳᠤ ᠬᠦᠴᠦᠨ ᠴᠢᠳᠠᠯ ᠢᠶᠠᠨ ᠵᠣᠷᠢᠭᠤᠯᠬᠤ ᠪᠤᠯᠤᠨ᠎ᠠ᠃ |