ᠣᠶᠢᠷ᠎ᠠ ᠳᠤ᠂ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ | ᠰᠦᠯᠵᠢᠶ᠎ᠡ ᠠᠯᠪᠠᠨ ᠵᠠᠷ ᠨᠡᠶᠢᠲᠡᠯᠡᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ | ᠠᠵᠢᠯ ᠦᠢᠯᠡᠰ ᠤᠨ ᠨᠢᠭᠡᠴᠡ ᠶᠢᠨ 2016 ᠣᠨ ᠤ ᠢᠯᠡ ᠪᠠᠷ ᠠᠵᠢᠯᠳᠠᠨ ᠡᠯᠰᠡᠬᠦ ᠰᠢᠯᠭᠠᠯᠲᠠ ᠶᠢ ᠵᠣᠬᠢᠶᠠᠨ | ᠪᠠᠶᠢᠭᠤᠯᠪᠠ᠂ ᠡᠨᠡ ᠤᠳᠠᠭ᠎ᠠ 984 ᠬᠥᠮᠦᠨ ᠡᠯᠰᠡᠬᠦ ᠪᠠᠷ ᠪᠤᠢ᠂ ᠡᠭᠦᠨ ᠳᠤ ᠬᠡᠰᠡᠭ ᠠᠵᠢᠯ ᠤᠨ ᠪᠠᠶᠢᠷᠢ ᠳᠤ | ᠦᠢᠯᠡᠴᠢᠯᠡᠬᠦ ᠬᠤᠭᠤᠴᠠᠭ᠎ᠠ ᠨᠢ ᠳᠦᠭᠦᠷᠦᠭᠰᠡᠨ ︵ᠨᠠᠭᠠᠲᠤ ᠵᠠᠬ᠎ᠠ ᠳᠠᠭᠠᠨ ᠪᠦᠬᠦᠯᠢ 2 ᠦᠢᠯᠡᠴᠢᠯᠡᠭᠰᠡᠨ ᠪᠠᠶᠢᠬᠤ᠂ | ᠳᠣᠷᠣᠭᠰᠢ ᠠᠳᠠᠯᠢ︶᠂ ᠬᠢᠨᠠᠨ ᠰᠢᠯᠭᠠᠭᠠᠳ ᠬᠢᠷᠢ ᠲᠡᠩᠴᠡᠭᠰᠡᠨ ᠳᠡᠭᠡᠳᠦ ᠰᠤᠷᠭᠠᠭᠤᠯᠢ ᠲᠡᠭᠦᠰᠦᠭᠰᠡᠳ ᠤᠨ | ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠤᠨ ᠠᠵᠢᠯᠲᠠᠨ ᠪᠣᠯᠤᠨ ᠴᠡᠷᠢᠭ ᠤᠨ ᠠᠯᠪᠠᠨ ᠠᠴᠠ | ᠪᠠᠭᠤᠭᠰᠠᠨ ᠤᠶᠤᠲᠠᠨ ᠪᠠᠶᠢᠯᠳᠤᠭᠴᠢ ︵ᠡᠨᠡ ᠬᠤᠶᠠᠷ ᠲᠦᠷᠦᠯ ᠤᠨ ᠠᠵᠢᠯᠳᠠᠨ ᠢ ᠳᠣᠷᠣᠭᠰᠢ ︽ᠲᠥᠷᠥᠯ | ᠵᠦᠢᠯ ᠤᠨ ᠠᠵᠢᠯᠲᠠᠨ︾ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢ ᠬᠠᠨᠳᠤᠯᠭ᠎ᠠ ᠲᠠᠢ ᠡᠯᠰᠡᠨ᠎ᠡ︔ ᠬᠡᠰᠡᠭ | ᠠᠵᠢᠯ ᠤᠨ ᠪᠠᠶᠢᠷᠢ ᠢ ᠮᠣᠩᠭᠤᠯ ᠬᠢᠲᠠᠳ ᠬᠡᠯᠡ ᠳᠤ ᠨᠡᠪᠲᠡᠷᠡᠭᠰᠡᠨ ᠠᠵᠢᠯᠲᠠᠨ ᠢ ᠬᠠᠨᠳᠤᠯᠭ᠎ᠠ ᠲᠠᠢ ᠡᠯᠰᠡᠨ᠎ᠡ᠃ ᠨᠡᠷ᠎ᠡ | ᠮᠡᠳᠡᠭᠦᠯᠬᠦ ᠴᠠᠭ᠄ 2016 ᠣᠨ ᠤ 4 ᠳ᠋ᠦ᠋ᠭᠡᠷ ᠰᠠᠷ᠎ᠠ ᠶᠢᠨ 18 ᠤ ᠡᠳᠦᠷ ᠤᠨ 9:00 — 4 ᠳ᠋ᠦ᠋ᠭᠡᠷ | ᠰᠠᠷ᠎ᠠ ᠶᠢᠨ 22 ᠤᠨ ᠡᠳᠦᠷ ᠤᠨ 17:00᠃ ᠨᠡᠷ᠎ᠡ ᠮᠡᠳᠡᠭᠦᠯᠬᠦ ᠰᠠᠨᠠᠭ᠎ᠠ ᠲᠠᠢ ᠰᠢᠯᠭᠠᠭᠤᠯᠤᠭᠴᠢᠳ ᠥᠪᠥᠷ | ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵ᠰᠦᠯᠵᠢᠶᠡᠨ ᠤ | ᠬᠠᠶᠠᠭ http:\\www.impta.com︶ ᠳᠡᠭᠡᠷ᠎ᠡ ᠨᠡᠷ᠎ᠡ ᠪᠠᠨ ᠮᠡᠳᠡᠭᠦᠯᠦᠨ᠎ᠡ᠃ ᠪᠢᠷ ᠤᠨ ᠰᠢᠯᠭᠠᠯᠲᠠ ᠶᠢ | ᠨᠣᠮ ᠦᠵᠡᠭᠦᠯᠬᠦ ᠦᠭᠡᠢ ᠰᠢᠯᠭᠠᠯᠲᠠ ᠶᠢᠨ ᠬᠡᠯᠪᠡᠷᠢ ᠪᠠᠷ ᠶᠠᠪᠤᠭᠳᠠᠭᠤᠯᠵᠤ᠂ ᠪᠢᠷ ᠤᠨ ᠰᠢᠯᠭᠠᠯᠲᠠ ᠶᠢᠨ ᠲᠥᠷᠥᠯ ᠨᠢ | ︽ᠠᠵᠢᠯ ᠮᠡᠷᠭᠡᠵᠢᠯ ᠤᠨ ᠴᠢᠳᠠᠪᠤᠷᠢ ᠶᠢᠨ ᠬᠡᠯᠪᠡᠷᠢᠯ ᠤᠨ ᠰᠢᠯᠭᠠᠨ ᠪᠠᠶᠢᠴᠠᠭᠠᠯᠲᠠ︾ ᠪᠣᠯᠣᠨ ︽ᠶᠡᠷᠦᠩᠭᠡᠶᠢᠯᠡᠭᠰᠡᠨ | ᠬᠡᠷᠡᠭᠯᠡᠭᠡᠨ ᠤ ᠴᠢᠳᠠᠪᠤᠷᠢ︾ ᠬᠤᠶᠠᠷ ᠲᠥᠷᠥᠯ ᠪᠣᠯᠣᠨ᠎ᠠ᠂ ᠲᠥᠷᠥᠯ ᠪᠦᠷᠢ ᠴᠥᠮ 150 ᠬᠤᠪᠢ᠂ ᠲᠤᠰ ᠲᠤᠰ | ᠶᠡᠷᠦᠩᠭᠡᠶᠢᠯᠡᠭᠰᠡᠨ ᠬᠠᠮᠢᠶᠠᠷᠤᠯᠲᠠ ᠶᠢᠨ ᠲᠦᠷᠦᠯ ︵A ᠲᠥᠷᠥᠯ︶᠂ ᠨᠡᠶᠢᠭᠡᠮ ᠤᠨ ᠰᠢᠨᠵᠢᠯᠡᠬᠦ ᠤᠬᠠᠭᠠᠨ ᠤ ᠲᠤᠰᠬᠠᠶ | ᠮᠡᠷᠭᠡᠵᠢᠯ ᠤᠨ ᠲᠦᠷᠦᠯ ︵B ᠲᠥᠷᠥᠯ︶᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠤᠰᠬᠠᠶ ᠮᠡᠷᠭᠡᠵᠢᠯ ᠤᠨ | ᠲᠦᠷᠦᠯ ︵C ᠲᠦᠷᠦᠯ︶᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠲᠦᠷᠦᠯ ︵D ᠲᠦᠷᠦᠯ︶ | ᠪᠣᠯᠣᠨ ᠡᠮ ᠡᠮᠨᠡᠯᠭᠡ ᠡᠷᠡᠭᠦᠯ ᠬᠠᠮᠠᠭᠠᠯᠠᠯ ᠤᠨ ᠲᠦᠷᠦᠯ ︵E ᠲᠦᠷᠦᠯ᠂ 6 ᠵᠦᠢᠯ ᠤᠨ ᠠᠵᠢᠯ ᠤᠨ ᠪᠠᠶᠢᠷᠢ | ᠪᠠᠭᠲᠠᠨ᠎ᠠ︶ ᠵᠡᠷᠭᠡ ᠲᠠᠪᠤᠨ ᠲᠥᠷᠥᠯ ᠠᠩᠭᠢᠯᠠᠯ ᠢᠶᠠᠷ ᠰᠢᠯᠭᠠᠯᠲᠠ ᠶᠢᠨ ᠬᠠᠭᠤᠳᠠᠰᠤ ᠬᠠᠩᠭᠠᠨ᠎ᠠ᠃ ᠰᠢᠯᠭᠠᠯᠲᠠ ᠶᠢᠨ | ᠬᠥᠲᠥᠯᠪᠦᠷᠢ ᠶᠢ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠨᠠᠷᠢᠪᠴᠢᠯᠠᠨ ᠦᠵᠡᠭᠡᠷᠡᠶ᠃ ᠪᠢᠷ ᠤᠨ ᠰᠢᠯᠭᠠᠯᠲᠠ ᠳᠤ | ᠮᠣᠩᠭᠤᠯ ᠬᠢᠲᠠᠳ ᠬᠤᠶᠠᠷ ᠰᠢᠯᠭᠠᠯᠲᠠ ᠶᠢᠨ ᠬᠠᠭᠤᠳᠠᠰᠤ ᠬᠠᠩᠭᠠᠬᠤ ᠪᠣᠯᠬᠤᠷ ᠬᠢᠲᠠᠳ ᠰᠢᠯᠭᠠᠯᠲᠠ ᠶᠢᠨ | ᠬᠠᠭᠤᠳᠠᠰᠤ ᠶᠢ ᠰᠤᠩᠭᠤᠭᠰᠠᠨ ᠰᠢᠯᠭᠠᠭᠤᠯᠤᠭᠴᠢᠳ ᠡᠷᠬᠡᠪᠰᠢ ᠬᠢᠲᠠᠳ ᠢᠶᠠᠷ ᠬᠠᠷᠢᠭᠤᠯᠤᠭᠰᠠᠨ ᠪᠠᠶᠢᠬᠤ ᠬᠡᠷᠡᠭᠲᠡᠶ︔ | ᠮᠣᠩᠭᠤᠯ ᠰᠢᠯᠭᠠᠯᠲᠠ ᠶᠢᠨ ᠬᠠᠭᠤᠳᠠᠰᠤ ᠶᠢ ᠰᠤᠩᠭᠤᠭᠰᠠᠨ ᠰᠢᠯᠭᠠᠭᠤᠯᠤᠭᠴᠢᠳ ᠡᠷᠬᠡᠪᠰᠢ ᠮᠣᠩᠭᠤᠯ ᠢᠶᠠᠷ | ᠬᠠᠷᠢᠭᠤᠯᠤᠭᠰᠠᠨ ᠪᠠᠶᠢᠬᠤ ᠬᠡᠷᠡᠭᠲᠡᠶ︔ ︽ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ︾ ᠠᠵᠢᠯ ᠤᠨ ᠪᠠᠶᠢᠷᠢ ᠳᠤ | ᠰᠢᠯᠭᠠᠭᠤᠯᠬᠤ ᠬᠥᠮᠦᠰ ᠪᠢᠷ ᠤᠨ ᠰᠢᠯᠭᠠᠯᠲᠠ ᠪᠠᠨ ᠮᠣᠩᠭᠤᠯ ᠰᠢᠯᠭᠠᠯᠲᠠ ᠶᠢᠨ ᠬᠠᠭᠤᠳᠠᠰᠤ ᠶᠢ ᠰᠤᠩᠭᠤᠬᠤ ᠶᠢᠨ | ᠬᠠᠮᠲᠤ ᠮᠣᠩᠭᠤᠯ ᠢᠶᠠᠷ ᠬᠠᠷᠢᠭᠤᠯᠬᠤ ᠬᠡᠷᠡᠭᠲᠡᠶ᠃ ᠨᠢᠭᠡᠯᠡ ᠰᠢᠯᠭᠠᠯᠲᠠ ᠵᠠ ᠬᠠᠭᠤᠳᠠᠰᠤ ᠶᠢ ᠬᠤᠶᠠᠷ ᠪᠤᠶᠤ | ᠬᠤᠶᠠᠷ ᠠᠴᠠ ᠳᠡᠭᠡᠭᠰᠢ ᠬᠡᠯᠡ ᠪᠠᠷ ᠬᠠᠷᠢᠭᠤᠯᠤᠭᠰᠠᠨ ᠪᠣᠯ ᠲᠡᠭ ᠬᠤᠪᠢ ᠪᠠᠷ ᠰᠢᠢᠳᠪᠦᠷᠢᠯᠡᠨ᠎ᠡ᠃ ᠲᠣᠭᠲᠠᠭᠠᠭᠰᠠᠨ | ᠬᠡᠯᠡ ᠪᠠᠷ ᠬᠠᠷᠢᠭᠤᠯᠤᠭᠰᠠᠨ ᠦᠭᠡᠢ ᠪᠣᠯ ᠳᠡᠭ ᠬᠤᠪᠢ ᠪᠠᠷ ᠰᠢᠢᠳᠪᠦᠷᠢᠯᠡᠨ᠎ᠡ᠃ |