ᠲᠢᠩᠬᠢᠮ ᠲᠤᠪᠴᠢᠶ᠎ᠠ ᠶᠢᠨ ᠲᠡᠰ ᠤᠨ ᠤᠳᠤᠷᠢᠤᠠᠬᠤ ᠺᠠᠳ᠋ᠷ ᠢᠶᠠᠷ ᠲᠡᠪᠰᠢᠬᠦᠯᠦᠨ ᠲᠤᠮᠢᠯᠠᠬᠤ ᠪᠠᠷ ᠪᠠᠶᠢᠭ᠎ᠠ ᠬᠦᠮᠦᠰ ᠢ ᠢᠯᠡ ᠨᠡᠶᠢᠳᠡᠯᠡᠬᠦ ᠲᠤᠬᠠᠢ ᠠᠯᠪᠡᠨ ᠵᠠᠷ
ᠨᠡᠶᠢᠲᠡᠯᠡᠭᠰᠡᠨ ᠴᠠᠭ᠄
2016/4/18
      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠰᠤᠳᠤᠯᠤᠭᠠᠳ ᠲᠢᠩᠬᠢᠮ ᠲᠤᠪᠴᠢᠶ᠎ᠠ ᠶᠢᠨ ᠲᠡᠰ ᠤᠨ ᠤᠳᠤᠷᠢᠳᠬᠤ ᠺᠠᠳ᠋ᠷ ᠢᠢᠨᠷ ᠲᠡᠪᠰᠢᠬᠦᠯᠥᠨ ᠲᠤᠮᠢᠯᠠᠬᠤ ᠪᠠᠷ ᠪᠠᠶᠢᠭ᠎ᠠ 4 ᠬᠦᠮᠤᠨ ᠢ ᠢᠯᠡ ᠨᠡᠶᠢᠳᠡᠯᠡᠬᠦ ᠪᠠᠷ ᠲᠤᠭᠳᠠᠵᠠᠢ᠃      ᠨᠢᠬᠡ᠂ ᠢᠯᠡ ᠨᠡᠶᠢᠳᠡᠯᠡᠬᠦ ᠨᠡᠷᠡᠰ      ᠵᠠᠩ ᠶᠢᠨ ᠯᠢᠶᠠᠩ᠂ 1962 ᠣᠨ ᠤ 1 ᠰᠠᠷ᠎ᠠ ᠳᠤ ᠲᠦᠷᠦᠵᠠᠢ᠂ ᠥᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠠᠴᠠ ᠳᠡᠬᠦᠰᠦᠭᠰᠡᠨ ᠰᠤᠷᠤᠯᠭ᠎ᠠ ᠶᠢᠨ ᠨᠠᠮᠳᠠᠷ ᠲᠠᠢ᠂ ᠳᠤᠮᠳᠠᠳᠤ ᠤᠯᠤᠰ ᠤᠨ ᠡᠪ ᠬᠠᠮᠳᠦ ᠨᠠᠮ ᠤᠨ ᠭᠡᠰᠢᠬᠦᠨ᠂ ᠤᠳᠤ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠤᠳᠤᠷᠢᠳᠬᠤ ᠲᠤᠭᠤᠢᠢᠯᠠᠩ ᠤᠨ ᠠᠯᠪᠡᠨ ᠭᠡᠷ ᠤᠨ ᠳᠡᠳ᠋ ᠡᠷᠬᠢᠯᠡᠭᠴᠢ᠂ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠪᠠ ᠮᠡᠳᠡᠭᠡ ᠵᠠᠩᠬᠢᠵᠢᠯᠳᠠ ᠶᠢᠨ ᠵᠦᠪᠯᠡᠯ ︵ᠤᠯᠤᠰ ᠤᠨ ᠪᠠᠳᠤᠯᠠᠨ ᠬᠠᠮᠠᠭᠠᠯᠠᠯᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠠᠵᠤ ᠦᠢᠯᠡᠳᠪᠤᠷᠢ ᠶᠢᠨ ᠠᠯᠪᠡᠨ ᠭᠡᠷ︶᠎ ᠤᠨ ᠨᠠᠮ ᠤᠨ ᠤᠳᠤᠷᠢᠳᠬᠤ ᠲᠤᠭᠤᠢᠢᠯᠠᠩ ᠎ ᠤᠨ ᠭᠡᠰᠢᠬᠦᠨ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠪᠠ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ ᠠᠵᠢᠯ ᠤᠨ ᠵᠦᠪᠯᠡᠯ ᠎ ᠤᠨ ᠭᠡᠰᠢᠬᠦᠨ ︵ᠬᠠᠪᠰᠤᠷᠭᠠᠭᠰᠠᠨ︶᠎ ᠤ ᠲᠤᠰᠢᠶᠠᠯ ᠲᠠᠢ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠲᠢᠩᠬᠢᠮ ᠤᠨ ᠲᠡᠰ ᠤᠨ ᠤᠳᠤᠷᠢᠳᠬᠤ ᠲᠤᠰᠢᠶᠠᠯ ᠳᠤ ᠲᠡᠪᠰᠢᠬᠦᠯᠥᠨ ᠲᠤᠮᠢᠯᠠᠬᠤ ᠪᠠᠷ ᠪᠤᠢ᠃      ᠰᠦᠨ ᠬᠦᠸᠧ ᠯᠦᠩ᠂ 1963 ᠣᠨ ᠤ 7 ᠰᠠᠷ᠎ᠠ ᠳᠤ ᠲᠦᠷᠦᠵᠠᠢ᠂ ᠪᠡᠭᠡᠵᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠂ ᠢᠨᠵᠧᠨᠧᠷᠢᠩ ᠤᠨ ᠤᠬᠠᠭᠠᠨ ᠤ ᠳ᠋ᠤᠺᠲ᠋ᠤᠷ᠂ ᠳᠡᠭᠡᠳᠦ ᠲᠡᠰ ᠤᠨ ᠢᠨᠵᠧᠨᠧᠷ᠂ ᠳᠤᠮᠳᠠᠳᠤ ᠤᠯᠤᠰ ᠤᠨ ᠡᠪ ᠬᠠᠮᠳᠦ ᠨᠠᠮ ᠤᠨ ᠭᠡᠰᠢᠬᠦᠨ᠂ ᠤᠳᠤ ᠥᠪᠦᠷ ᠮᠤᠩᠭᠤᠯ ᠤᠨ ᠠᠭᠤᠷᠬᠠᠢ ᠶᠢᠨ ᠦᠢᠯᠡᠰ ︵ᠪᠦᠯᠦᠭᠯᠡᠯ︶᠎ ᠤᠨ ᠬᠢᠵᠠᠭᠠᠷᠳᠤ ᠺᠤᠮᠫᠠᠨᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠶᠡᠷᠦᠩᠭᠡᠢ ᠳᠠᠭᠠᠭᠠᠮᠠᠯ᠂ ᠭᠡᠷᠡᠭ ᠮᠡᠳᠡᠭᠴᠢ ︵ᠳᠡᠳ᠋ ᠲᠢᠩᠬᠢᠮ ᠤᠨ ᠲᠡᠰ ᠤᠨ ᠺᠠᠳ᠋ᠷ ᠲᠠᠢ ᠬᠠᠷᠭᠤᠭᠤᠯᠤᠨ ᠬᠠᠮᠢᠶᠠᠷᠤᠨ᠎ᠠ︶᠎ ᠶᠢᠨ ᠲᠤᠰᠢᠶᠠᠯ ᠲᠠᠢ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠠᠵᠤ ᠠᠬᠤᠢᠢᠯᠠᠯ ᠤᠨ ᠲᠢᠩᠬᠢᠮ ᠤᠨ ᠲᠡᠰ ᠤᠨ ᠤᠳᠤᠷᠢᠳᠬᠤ ᠲᠤᠰᠢᠶᠠᠯ ᠳᠤ ᠲᠡᠪᠰᠢᠬᠦᠯᠥᠨ ᠲᠤᠮᠢᠯᠠᠬᠤ ᠪᠠᠷ ᠪᠤᠢ᠃      ᠰᠦᠷᠯᠢᠭ᠂ 1963 ᠣᠨ ᠤ 10 ᠰᠠᠷ᠎ᠠ ᠳᠤ ᠲᠦᠷᠦᠵᠠᠢ᠂ ᠮᠤᠩᠭᠤᠯ ᠦᠨᠳᠦᠰᠦᠳᠡᠨ᠂ ᠲᠦᠪ ᠤᠨ ᠨᠠᠮ ᠎ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠂ ᠳᠤᠮᠳᠠᠳᠤ ᠤᠯᠤᠰ ᠤᠨ ᠡᠪ ᠬᠠᠮᠳᠦ ᠨᠠᠮ ᠎ ᠤᠨ ᠭᠡᠰᠢᠬᠦᠨ᠂ ᠤᠳᠤ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠪᠠ ᠮᠡᠳᠡᠭᠡ ᠵᠠᠩᠬᠢᠵᠢᠯᠳᠠ ᠶᠢᠨ ᠵᠦᠪᠯᠡᠯ ︵ᠤᠯᠤᠰ ᠤᠨ ᠪᠠᠳᠤᠯᠠᠨ ᠬᠠᠮᠠᠭᠠᠯᠠᠯᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠠᠵᠤ ᠦᠢᠯᠡᠳᠪᠤᠷᠢ ᠶᠢᠨ ᠠᠯᠪᠡᠨ ᠭᠡᠷ︶ ᠎ ᠤᠨ ᠳᠡᠳ᠋ ᠡᠷᠬᠢᠯᠡᠭᠴᠢ᠂ ᠨᠠᠮ ᠤᠨ ᠤᠳᠤᠷᠢᠳᠬᠤ ᠲᠤᠭᠤᠢᠢᠯᠠᠩ ᠤᠨ ᠭᠡᠰᠢᠬᠦᠨ ᠤ ᠲᠤᠰᠢᠶᠠᠯ ᠲᠠᠢ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠠᠵᠤ ᠠᠬᠤᠢᠢᠯᠠᠯ ᠤᠨ ᠲᠢᠩᠬᠢᠮ ᠤᠨ ᠲᠡᠰ ᠤᠨ ᠤᠳᠤᠷᠢᠳᠬᠤ ᠲᠤᠰᠢᠶᠠᠯ ᠳᠤ ᠲᠡᠪᠰᠢᠬᠦᠯᠥᠨ ᠲᠤᠮᠢᠯᠠᠬᠤ ᠪᠠᠷ ᠪᠤᠢ᠃      ᠵᠠᠩ ᠲᠢᠶᠠᠨ ᠰᠢ᠂ 1962 ᠣᠨ ᠤ 2 ᠰᠠᠷ᠎ᠠ ᠳᠤ ᠲᠦᠷᠦᠵᠠᠢ᠂ ᠥᠪᠦᠷ ᠮᠤᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠂ ᠦᠢᠯᠡᠳᠪᠤᠷᠢ ᠬᠤᠳᠠᠯᠳᠤᠭᠠᠨ ᠤ ᠬᠠᠮᠢᠶᠠᠷᠤᠯᠳᠠ ᠶᠢᠨ ᠮᠠᠰᠲ᠋ᠧᠷ᠂ ᠳᠤᠮᠳᠠᠳᠤ ᠤᠯᠤᠰ ᠤᠨ ᠡᠪ ᠬᠠᠮᠳᠦ ᠨᠠᠮ ᠤᠨ ᠭᠡᠰᠢᠬᠦᠨ᠂ ᠤᠳᠤ ᠬᠦᠯᠦᠨ ᠪᠤᠶᠢᠷ ᠬᠤᠳᠠ ᠶᠢᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠳᠠᠷᠤᠭ᠎ᠠ᠂ ᠨᠠᠮ ᠤᠨ ᠤᠳᠤᠷᠢᠳᠬᠤ ᠲᠤᠭᠤᠢᠢᠯᠠᠩ ᠤᠨ ᠭᠡᠰᠢᠬᠦᠨ ᠤ ᠲᠤᠰᠢᠶᠠᠯ ᠲᠠᠢ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠠᠵᠤ ᠠᠬᠤᠢᠢᠯᠠᠯ ᠲᠡᠳ᠋ ᠲᠢᠩᠬᠢᠮ ᠤᠨ ᠲᠡᠰ ᠤᠨ ᠤᠳᠤᠷᠢᠳᠬᠤ ᠲᠤᠰᠢᠶᠠᠯ ᠳᠤ ᠲᠡᠪᠰᠢᠬᠦᠯᠥᠨ ᠲᠤᠮᠢᠯᠠᠬᠤ ᠪᠠᠷ ᠪᠤᠢ᠃      ᠬᠤᠶᠠᠷ᠂ ᠢᠯᠡ ᠨᠡᠶᠢᠳᠡᠯᠡᠬᠦ ᠴᠠᠭ      2016 ᠣᠨ ᠤ 4 ᠰᠠᠷ᠎ᠠ ᠶᠢᠨ 16᠎ ᠤ ᠡᠳᠤᠷ ᠠᠴᠠ 2016 ᠣᠨ ᠤ 4 ᠰᠠᠷ᠎ᠠ ᠶᠢᠨ 22᠎ ᠤᠨ ᠡᠳᠤᠷ ᠪᠤᠯᠳᠠᠯ᠎ᠠ᠃      ᠭᠤᠷᠪᠠ᠂ ᠬᠦᠯᠢᠶᠡᠨ ᠠᠪᠬᠤ ᠠᠷᠭ᠎ᠠ      ᠨᠢᠬᠡᠴᠡ ᠪᠤᠯᠤᠨ ᠬᠤᠪᠢ ᠬᠦᠮᠥᠨ ᠰᠤᠷᠪᠤᠯᠵᠢᠯᠠᠬᠤ ᠪᠠᠷ ᠢᠷᠡᠬᠦ᠂ ᠵᠠᠬᠢᠳᠠᠯ ᠢᠷᠡᠬᠦᠯᠬᠦ᠂ ᠤᠳᠠᠰᠤᠳᠠᠬᠤ ᠵᠡᠷᠬᠡ ᠬᠡᠯᠪᠡᠷᠢ ᠪᠠᠷ ᠲᠡᠭᠡᠷᠡᠬᠢ ᠢᠯᠡ ᠪᠠᠷ ᠨᠡᠶᠢᠳᠡᠯᠡᠭᠰᠡᠡ ᠬᠦᠮᠥᠰ ᠤᠨ ᠬᠤᠯᠪᠤᠭᠳᠠᠯ ᠪᠦᠬᠦᠢ ᠪᠠᠶᠢᠳᠠᠯ ᠪᠤᠯᠤᠨ ᠠᠰᠠᠭᠤᠳᠠᠯ ᠢ ᠲᠤᠰᠬᠠᠵᠥ ᠪᠤᠯᠤᠨ᠎ᠠ᠃ ᠲᠤᠰᠬᠠᠭᠰᠠᠠ ᠠᠰᠠᠭᠤᠳᠠᠯ ᠢ ᠪᠠᠶᠢᠴᠠᠭᠠᠬᠤ ᠳᠤ ᠬᠡᠷᠡᠴᠢᠯᠡᠬᠦ ᠬᠦᠮᠥᠨ ᠵᠢᠴᠢ ᠪᠤᠰᠤᠳ ᠬᠤᠯᠪᠤᠭᠳᠠᠯ ᠪᠦᠬᠦᠢ ᠰᠦᠪᠡᠭᠴᠢ ᠬᠠᠩᠭᠠᠬᠤ ᠬᠡᠷᠡᠭᠳᠡᠢ᠃ ᠪᠢᠳᠡ ᠠᠰᠠᠭᠤᠳᠠᠯ ᠢ ᠲᠤᠰᠬᠠᠭᠰᠠᠤᠠ ᠵᠢᠴᠢ ᠲᠤᠰᠬᠠᠭᠰᠠᠠ ᠠᠰᠠᠭᠤᠳᠠᠯ ᠤᠨ ᠨᠢᠭᠤᠴᠠ ᠢᠢ ᠬᠠᠮᠠᠭᠠᠯᠠᠨ᠎ᠠ᠃      ᠨᠡᠶᠢᠳᠡ ᠳᠤ ᠵᠠᠷᠯᠠᠬᠤ ᠠᠯᠪᠠᠨ ᠭᠡᠷ ᠢ ᠦᠪᠤᠷ ᠮᠤᠩᠭᠤᠯ ᠤᠨ ᠨᠠᠮ ᠵᠠᠰᠠᠭ ᠤᠨ ᠪᠠᠶᠢᠭᠤᠯᠤᠯᠭ᠎ᠠ ᠶᠢᠨ ᠠᠯᠪᠠᠨ ᠠᠰᠠᠷ ᠤᠨ 401 ᠲᠠᠰᠤᠭ ᠲᠤ ᠳᠤᠬᠢᠷᠠᠭᠤᠯᠪᠠ᠃      ᠬᠦᠯᠢᠶᠡᠨ ᠠᠪᠬᠤ ᠴᠠᠭ᠄ ᠡᠳᠤᠷ ᠪᠦᠷᠢ ᠢᠢᠨᠦᠳᠡ ᠶᠢᠨ ᠡᠮᠤᠨᠡᠬᠢ 9᠄ 00 — 12᠄ 00      ᠦᠳᠡ ᠶᠢᠨ ᠬᠤᠶᠢᠨᠠᠬᠢ 13᠄ 30 — 17᠄ 00      ᠬᠦᠯᠢᠶᠡᠨ ᠠᠪᠬᠤ ᠤᠳᠠᠰᠤ᠄ ︵0471︶ 12380      ᠤᠨᠴᠠᠭᠠᠢᠢᠯᠠᠨ ᠵᠠᠷᠯᠠᠪᠠ                               ᠦᠪᠤᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ                               ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ                                 2016 ᠣᠨ ᠤ 4 ᠰᠠᠷ᠎ᠠ ᠶᠢᠨ 15᠎ ᠤ ᠡᠳᠤᠷ
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号