4 ᠳ᠋ᠦ᠋ᠭᠡᠷ ᠰᠠᠷ᠎ᠠ ᠶᠢᠨ 14 ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠣᠶᠢᠯᠭᠠᠭᠰᠠᠨ ᠢᠶᠠᠷ᠂ | ᠪᠠᠲᠤᠯᠠᠭᠳᠠᠨ ᠬᠦᠷᠭᠡᠭᠳᠡᠬᠦ ᠰᠤᠷᠤᠭᠴᠢ ᠶᠢᠨ ᠨᠡᠷᠡᠰ᠂ ᠳᠡᠭᠡᠳᠦ ᠬᠢᠷᠢ ᠲᠦᠪᠰᠢᠨ ᠪᠦᠬᠦᠢ ᠤᠷᠠᠯᠢᠭ ᠤᠨ ᠪᠦᠯᠬᠦᠮ ᠤᠨ | ᠨᠡᠷᠡᠰ᠂ ᠳᠡᠭᠡᠳᠦ ᠬᠢᠷᠢ ᠲᠦᠪᠰᠢᠨ ᠪᠦᠬᠦᠢ ᠪᠡᠶ᠎ᠡ ᠶᠢᠨ ᠲᠠᠮᠢᠷᠴᠢᠨ ᠤ ᠠᠩᠬᠢ ᠶᠢᠨ ᠨᠡᠷᠡᠰ᠂ ᠪᠡᠶ᠎ᠡ ᠪᠠᠨ ᠳᠠᠭᠠᠭᠠᠵᠤ | ᠡᠯᠰᠡᠭᠰᠡᠨ ᠰᠤᠷᠤᠭᠴᠢ ᠶᠢᠨ ᠨᠡᠷᠡᠰ᠂ ᠳᠡᠭᠡᠳᠦ ᠰᠤᠷᠭᠠᠭᠤᠯᠢ ᠶᠢᠨ ᠲᠤᠰᠬᠠᠶ ᠲᠥᠯᠥᠪᠯᠡᠭᠡ ᠶᠢᠨ ᠨᠡᠷᠡᠰ ᠵᠡᠷᠭᠡ | ᠬᠠᠷᠠᠭᠠᠯᠵᠠᠯ ᠬᠦᠷᠲᠡᠬᠦ ᠰᠤᠷᠤᠭᠴᠢᠳ ᠤᠨ ᠨᠡᠷᠡᠰ ᠢ ᠲᠤᠰ ᠰᠠᠷ᠎ᠠ ᠳᠤ ᠵᠠᠯᠭᠠᠪᠡᠷ ᠵᠠᠷᠯᠠᠨ ᠨᠡᠶᠢᠲᠡᠯᠡᠬᠦ ᠪᠣᠯᠣᠨ᠎ᠠ᠃ | ᠣᠳᠣᠬᠠᠨ ᠳᠤ᠂ 2016 ᠣᠨ ᠤ ᠪᠠᠲᠤᠯᠠᠭᠳᠠᠨ ᠬᠦᠷᠭᠡᠭᠳᠡᠬᠦ ᠰᠤᠷᠤᠭᠴᠢ ᠶᠢᠨ ᠨᠡᠷᠡᠰ ᠢ ᠨᠢᠭᠡᠨᠲᠡ ᠵᠠᠷᠯᠠᠨ | ᠨᠡᠶᠢᠲᠡᠯᠡᠵᠦ ᠡᠬᠢᠯᠡᠪᠡ᠃ ᠡᠭᠦᠨ ᠠᠴᠠ ᠭᠠᠳᠠᠨ᠎ᠠ᠂ 2016 ᠣᠨ ᠳᠤ ᠣᠷᠣᠨ ᠤ ᠳᠣᠲᠣᠷᠠᠬᠢ ᠠᠵᠢᠯ ᠮᠡᠷᠭᠡᠵᠢᠯ ᠤᠨ | ᠶᠡᠭᠡ ᠳᠡᠭᠡᠳᠦ ᠰᠤᠷᠭᠠᠭᠤᠯᠢ ᠳᠤ ᠦᠷᠭᠦᠯᠵᠢᠯᠡᠨ ᠬᠡᠷᠡᠭᠵᠢᠭᠦᠯᠵᠦ ᠪᠠᠶᠢᠭ᠎ᠠ ᠲᠤᠰᠠᠭᠠᠷ ᠰᠢᠯᠭᠠᠵᠤ ᠡᠯᠰᠡᠬᠦ ᠠᠵᠢᠯ | ᠦᠨᠳᠦᠰᠦᠨ ᠳᠡᠭᠡᠨ ᠳᠠᠭᠤᠰᠴᠤ᠂ ᠰᠤᠷᠤᠭᠴᠢ ᠡᠯᠰᠡᠭᠰᠡᠨ ᠦᠷ᠎ᠡ ᠳ᠋ᠦᠩ ᠢ 2016 ᠣᠨ ᠤ 4 ᠳ᠋ᠦ᠋ᠭᠡᠷ ᠰᠠᠷ᠎ᠠ ᠶᠢᠨ | 20 ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠬᠦ ᠶᠢᠨ ᠬᠠᠮᠲᠤ ᠵᠠᠷᠯᠠᠨ ᠨᠡᠶᠢᠲᠡᠯᠡᠵᠦ᠂ | ᠰᠢᠯᠭᠠᠯᠲᠠ ᠳᠤ ᠣᠷᠣᠯᠴᠠᠭᠰᠠᠨ ᠰᠤᠷᠤᠭᠴᠢᠳ ᠥᠪᠥᠷ ᠮᠣᠩᠭᠤᠯ ᠤᠨ ᠰᠤᠷᠤᠭᠴᠢ ᠡᠯᠰᠡᠬᠦ ᠮᠡᠳᠡᠭᠡ ᠵᠠᠩᠭᠢ ᠶᠢᠨ | ᠰᠦᠯᠵᠢᠶ᠎ᠡ ︵http://www.nm.zsks.cn/︶ ᠠᠴᠠ ᠢᠯᠡ ᠪᠠᠷ ᠨᠡᠶᠢᠲᠡᠯᠡᠭᠰᠡᠨ ᠪᠠᠶᠢᠳᠠᠯ ᠢ ᠡᠷᠢᠵᠦ | ᠪᠣᠯᠣᠨ᠎ᠠ᠃ |