| | | 4 ᠳ᠋ᠦ᠋ᠭᠡᠷ ᠰᠠᠷ᠎ᠠ ᠶᠢᠨ13 -14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ | ᠬᠤᠳᠠᠯᠳᠤᠭᠠᠨ ᠤ ᠲᠣᠪᠴᠢᠶ᠎ᠠ ᠤᠯᠠᠭᠠᠨᠬᠠᠳᠠ ᠬᠤᠲᠠ ᠳᠤ ᠪᠥᠬᠦ ᠣᠷᠣᠨ ᠤ ᠦᠢᠯᠡᠳᠪᠦᠷᠢ ᠬᠤᠳᠠᠯᠳᠤᠭ᠎ᠠ ᠪᠠ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ | ᠵᠠᠩᠭᠢ ᠶᠢ ᠬᠢᠨᠠᠨ ᠬᠠᠮᠢᠶᠠᠷᠬᠤ ᠠᠵᠢᠯ ᠤᠨ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ | ᠬᠤᠳᠠᠯᠳᠤᠭᠠᠨ ᠤ ᠲᠤᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠯᠢ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠪᠠ᠂ ᠡᠯ᠎ᠡ ᠠᠶᠢᠮᠠᠭ ᠬᠤᠳᠠ ᠶᠢᠨ ᠦᠢᠯᠡᠳᠪᠦᠷᠢ ᠬᠤᠳᠠᠯᠳᠤᠭ᠎ᠠ ᠪᠠ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠤ ᠠᠬᠤᠶᠢᠯᠠᠯ ᠤᠨ ᠬᠢᠨᠠᠨ ᠬᠠᠮᠢᠶᠠᠷᠬᠤ ᠠᠵᠢᠯ ᠢ ᠬᠤᠪᠢᠳᠠᠨ | ᠬᠠᠷᠢᠭᠤᠴᠠᠬᠤ ᠬᠠᠷᠢᠭᠤᠴᠠᠯᠭᠠᠲᠠᠨ᠂ ᠠᠵᠤ ᠠᠬᠤᠶᠢᠯᠠᠯ ᠤᠨ ᠬᠢᠨᠠᠨ ᠬᠠᠮᠢᠶᠠᠷᠬᠤ ᠰᠠᠯᠠᠭ᠎ᠠ ᠪᠠ ᠮᠡᠳᠡᠭᠡ ᠵᠠᠩᠭᠢ ᠶᠢᠨ | ᠲᠥᠪ ᠤᠨ ᠬᠠᠷᠢᠭᠤᠴᠠᠯᠭᠠᠲᠠᠨ᠂ ᠡᠯ᠎ᠡ ᠬᠤᠰᠢᠭᠤ ᠰᠢᠶᠠᠨ ᠤ ᠦᠢᠯᠡᠳᠪᠦᠷᠢ ᠬᠤᠳᠠᠯᠳᠤᠭ᠎ᠠ ᠪᠠ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠤ ᠠᠬᠤᠶᠢᠯᠠᠯ ᠤᠨ ᠬᠢᠨᠠᠨ ᠬᠠᠮᠢᠶᠠᠷᠬᠤ ᠠᠵᠢᠯ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠯᠢ ᠵᠢᠶᠦ᠋ᠨ ᠳᠡᠳ᠋ ᠲᠣᠭᠤᠷᠢᠨ ᠪᠠᠶᠢᠴᠠᠭᠠᠭᠴᠢ ᠡᠯ᠎ᠡ ᠠᠶᠢᠮᠠᠭ ᠬᠤᠳᠠ ᠶᠢᠨ ᠦᠢᠯᠡᠳᠪᠦᠷᠢ | ᠬᠤᠳᠠᠯᠳᠤᠭᠠᠨ ᠤ ᠵᠦᠢᠯᠡᠰ ᠤᠨ ᠲᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠠᠵᠢᠯ ᠤᠨ ᠳᠤᠮᠳᠠ | ᠣᠯᠤᠭᠰᠠᠨ ᠠᠮᠵᠢᠯᠲᠠ ᠶᠢ ᠨᠤᠲᠠᠯᠠᠵᠤ᠂ ᠣᠳᠣᠬᠢ ᠱᠠᠲᠤᠨ ᠳᠤ ᠣᠷᠣᠰᠢᠵᠤ ᠪᠠᠶᠢᠭ᠎ᠠ ᠭᠤᠣᠯ ᠠᠰᠠᠭᠤᠳᠠᠯ ᠳᠤ | ᠵᠠᠳᠠᠯᠤᠯᠲᠠ ᠬᠢᠭᠰᠡᠨ ᠪᠦᠭᠡᠳ ᠳᠠᠷᠠᠭᠠᠴᠢ ᠶᠢᠨ ᠠᠯᠬᠤᠮ ᠤᠨ ᠪᠦᠬᠦ ᠣᠷᠣᠨ ᠤ ᠠᠵᠤ ᠠᠬᠤᠶᠢᠯᠠᠯ ᠤᠨ ᠬᠢᠨᠠᠨ | ᠬᠠᠮᠢᠶᠠᠷᠬᠤ ᠠᠵᠢᠯ ᠢ ᠲᠣᠬᠢᠷᠠᠭᠤᠯᠵᠤ ᠪᠠᠶᠢᠷᠢᠯᠠᠭᠤᠯᠤᠭᠰᠠᠨ ᠪᠠᠶᠢᠨ᠎ᠠ᠃ ᠨᠢᠭᠡ ᠳᠤ᠂ ᠦᠵᠡᠯ ᠰᠠᠨᠠᠭ᠎ᠠ ᠪᠠᠨ ᠤᠯᠠᠮ | ᠨᠢᠭᠡ ᠠᠯᠬᠤᠮ ᠴᠢᠯᠥᠭᠡᠯᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠤᠨᠤᠯᠵᠢᠬᠤᠨ ᠢᠶᠠᠨ ᠬᠤᠪᠢᠷᠠᠭᠤᠯᠵᠤ᠂ ︽ | ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠡᠷᠬᠡᠪᠰᠢ ᠭᠦᠢᠴᠡᠳᠬᠡᠬᠦ︾᠂ ︽ᠬᠠᠤᠯᠢ ᠠᠴᠠ ᠡᠷᠬᠡ | ᠣᠯᠭᠤᠭᠰᠠᠨ ᠦᠭᠡᠢ ᠪᠠᠶᠢᠪᠠᠯ ᠬᠢᠵᠦ ᠦᠯᠦ ᠪᠣᠯᠬᠤ︾ ᠶᠢ ᠪᠠᠷᠢᠮᠲᠠᠯᠠᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ | ᠵᠥᠷᠢᠴᠡᠯ ᠪᠠ ᠠᠰᠠᠭᠤᠳᠠᠯ ᠢ ᠬᠠᠤᠯᠢ ᠪᠠᠷ ᠵᠠᠰᠠᠬᠤ ᠰᠡᠳᠬᠢᠬᠦᠶ ᠪᠠ ᠠᠷᠭ᠎ᠠ ᠮᠠᠶ᠋ᠢᠭ ᠢᠶᠠᠷ ᠰᠢᠢᠳᠪᠦᠷᠢᠯᠡᠵᠦ᠂ | ᠬᠠᠭᠤᠴᠢᠨ ᠦᠵᠡᠯᠲᠡ ᠰᠢᠨ᠎ᠡ ᠠᠵᠢᠯ ᠢ ᠨᠦᠯᠦᠭᠡᠯᠡᠬᠦ ᠶᠢ ᠰᠡᠷᠭᠡᠶᠢᠯᠡᠵᠦ᠂ ᠬᠠᠭᠤᠴᠢᠨ ᠠᠷᠭ᠎ᠠ ᠪᠠᠷ ᠰᠢᠨ᠎ᠡ | ᠠᠰᠠᠭᠤᠳᠠᠯ ᠢ ᠰᠢᠢᠳᠪᠦᠷᠢᠯᠡᠬᠦ ᠶᠢ ᠰᠡᠷᠭᠡᠶᠢᠯᠡᠬᠦ ᠬᠡᠷᠡᠭᠲᠡᠢ᠃ ᠬᠤᠶᠠᠷ ᠲᠤ᠂ 2015 ᠣᠨ ᠤ ᠠᠵᠤ ᠠᠬᠤᠶᠢᠯᠠᠯ ᠤᠨ | ᠮᠡᠳᠡᠭᠦᠯᠦᠯᠲᠡ ᠶᠢ ᠨᠡᠶᠢᠳᠡ ᠳᠤ ᠵᠠᠷᠯᠠᠬᠤ ᠠᠵᠢᠯ ᠢ ᠨᠠᠷᠢᠨ ᠬᠢᠨᠠᠮᠠᠭᠠᠶ ᠪᠡᠶᠡᠯᠡᠭᠦᠯᠵᠦ᠂ ᠤᠯᠠᠨ ᠵᠦᠢᠯ ᠤᠨ ᠬᠡᠯᠪᠡᠷᠢ ᠶᠢ | ᠠᠰᠢᠭᠯᠠᠨ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠨᠡᠶᠢᠭᠡᠮ ᠳᠤ ᠣᠶᠢᠯᠠᠭᠠᠭᠤᠯᠬᠤ | ᠬᠡᠮᠵᠢᠶ᠎ᠡ ᠪᠠᠨ ᠦᠷᠭᠡᠳᠬᠡᠵᠦ᠂ ᠠᠯᠬᠤᠮ ᠠᠯᠬᠤᠮ ᠢᠶᠠᠷ ᠵᠢᠭᠰᠠᠭᠠᠨ ᠪᠠᠶᠢᠴᠠᠭᠠᠬᠤ᠂ ᠡᠷᠦᠬᠡ ᠳᠠᠷᠠᠭᠠᠯᠠᠨ ᠰᠢᠪᠠᠳᠠᠨ | ᠮᠡᠳᠡᠭᠦᠯᠬᠦ ᠠᠷᠭ᠎ᠠ ᠶᠢ ᠠᠪᠴᠤ᠂ ᠡᠯ᠎ᠡ ᠳᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠮᠡᠳᠡᠭᠦᠯᠬᠦ ᠶᠤᠰᠤᠲᠠᠢ | ᠪᠠᠶᠢᠪᠠᠯ ᠴᠦᠮ ᠮᠡᠳᠡᠭᠦᠯᠬᠦ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠨᠢᠭᠡᠨᠲᠡ ᠡᠵᠡᠩᠨᠡᠯᠲᠡ ᠶᠢᠨ ᠬᠡᠪ ᠤᠨ ᠪᠤᠰᠤ | ᠨᠡᠷᠡᠰ ᠲᠤ ᠵᠢᠭᠰᠠᠭᠠᠭᠳᠠᠭᠰᠠᠨ ᠠᠵᠤ ᠠᠬᠤᠶᠢᠯᠠᠯ ᠤᠨ ᠵᠠᠯᠭᠠᠮᠵᠢ ᠬᠢᠨᠠᠯᠲᠠ ᠶᠢ ᠦᠨᠡᠨ ᠬᠦ ᠰᠠᠶᠢᠲᠤᠷ ᠬᠢᠵᠦ᠂ | ᠨᠢᠭᠡᠨᠲᠡ ᠡᠵᠡᠩᠨᠡᠯᠲᠡ ᠶᠢᠨ ᠬᠡᠪ ᠤᠨ ᠪᠤᠰᠤ ᠨᠡᠷᠡᠰ ᠲᠤ ᠵᠢᠭᠰᠠᠭᠠᠭᠳᠠᠭᠰᠠᠨ ᠠᠵᠤ ᠠᠬᠤᠶᠢᠯᠠᠯ ᠢ ᠬᠢᠨᠠᠮᠠᠭᠠᠶ ᠵᠢᠭᠰᠠᠭᠠᠨ | ᠪᠠᠶᠢᠴᠠᠭᠠᠨ ᠲᠢᠭᠯᠡᠵᠤ᠂ ᠬᠠᠤᠯᠢ ᠴᠠᠭᠠᠵᠠ ᠶᠢᠨ ᠵᠢᠷᠤᠮ ᠶᠣᠰᠣᠭᠠᠷ᠂ ᠬᠦᠴᠦᠨ ᠦᠭᠡᠢ ᠪᠤᠯᠭᠠᠬᠤ ᠶᠢ ᠨᠢ ᠬᠦᠴᠦᠨ | ᠦᠬᠡᠢ ᠪᠣᠯᠭᠠᠵᠤ᠂ ᠬᠤᠷᠢᠶᠠᠨ ᠠᠪᠬᠤ ᠶᠢ ᠨᠢ ᠡᠷᠡᠰ ᠬᠤᠷᠢᠶᠠᠨ ᠠᠪᠬᠤ ᠬᠡᠷᠡᠭᠲᠡᠢ᠃ ᠲᠦᠷᠪᠡ ᠳᠤ᠂ ︽ | ᠬᠠᠤᠯᠢ ᠠᠴᠠ ᠬᠦᠨᠳᠦ ᠨᠣᠴᠢᠲᠠᠶ ᠵᠥᠷᠢᠴᠡᠵᠦ ᠢᠲᠡᠭᠡᠯ ᠢᠶᠠᠨ ᠠᠯᠳᠠᠭᠰᠠᠨ ᠠᠵᠤ ᠠᠬᠤᠶᠢᠯᠠᠯ ᠤᠨ ᠨᠡᠷᠡᠰ ᠢ | ᠬᠠᠮᠢᠶᠠᠷᠬᠤ ᠲᠦᠷ ᠬᠡᠷᠡᠭᠵᠢᠭᠦᠯᠬᠦ ᠠᠷᠭ᠎ᠠ︾ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠦᠢᠯᠡᠳᠪᠦᠷᠢ | ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠤᠯᠢ ᠵᠥᠷᠢᠴᠡᠭᠰᠡᠨ᠂ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠪᠠ ᠦᠢᠯᠡ ᠪᠠᠶᠢᠳᠠᠯ ᠨᠢ ᠬᠦᠨᠳᠦ ᠨᠤᠴᠢᠲᠠᠢ ᠪᠠᠶᠢᠪᠠᠯ ᠬᠠᠤᠯᠢ ᠶᠢ ᠬᠦᠨᠳᠦ ᠨᠤᠴᠢᠲᠠᠢ ᠵᠥᠷᠢᠴᠡᠵᠦ | ᠢᠲᠡᠭᠡᠯ ᠢᠶᠠᠨ ᠠᠯᠳᠠᠭᠰᠠᠨ ᠠᠵᠤ ᠠᠬᠤᠶᠢᠯᠠᠯ ᠤᠨ ︽ᠬᠠᠷ᠎ᠠ ᠲᠠᠩᠰᠠ︾ ᠳᠤ ᠴᠠᠭ ᠲᠤᠬᠠᠢ ᠳᠤᠨᠢ ᠤᠷᠤᠭᠤᠯᠵᠤ᠂ | ᠢᠲᠡᠭᠡᠮᠵᠢ ᠶᠢᠨ ᠬᠢᠵᠠᠭᠠᠷᠯᠠᠯ᠂ ᠰᠠᠯᠠᠭ᠎ᠠ ᠮᠥᠴᠢᠷ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠴᠢᠩᠭ᠎ᠠ ᠪᠠᠷ ᠶᠠᠯᠠᠯᠠᠨ ᠰᠢᠳᠬᠡᠬᠦ ᠬᠡᠷᠡᠭᠲᠡᠶ᠃ ᠲᠠᠪᠤ ᠳᠤ᠂ 2016 ᠣᠨ ᠤ ᠠᠵᠤ ᠠᠬᠤᠶᠢᠯᠠᠯ ᠤᠨ | ᠨᠡᠶᠢᠲᠡ ᠳᠤ ᠵᠠᠷᠯᠠᠭᠰᠠᠨ ᠮᠡᠳᠡᠭᠡ ᠵᠠᠩᠭᠢ ᠶᠢ ᠰᠤᠭᠤᠴᠠᠨ ᠪᠠᠶᠢᠴᠠᠭᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠤᠨ ᠤ | ᠮᠡᠳᠡᠭᠦᠯᠦᠯᠲᠡ ᠶᠢᠨ ᠮᠡᠳᠡᠭᠡ ᠵᠠᠩᠭᠢ ᠶᠢ ᠨᠡᠶᠢᠳᠡ ᠳᠤ ᠵᠠᠷᠯᠠᠬᠤ᠂ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ᠂ | ᠪᠡᠯᠡ ᠣᠷᠣᠭᠤᠯᠤᠯᠲᠠ ᠶᠢᠨ ᠳᠦᠷᠦᠯ ᠤᠨ ᠠᠵᠤ ᠠᠬᠤᠶᠢᠯᠠᠯ᠂ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠬᠡᠷᠡᠭᠰᠡᠯ | ᠦᠢᠯᠡᠳᠪᠦᠷᠢᠯᠡᠬᠦ ᠡᠵᠡᠩᠨᠡᠬᠦ ᠠᠵᠤ ᠠᠬᠤᠶᠢᠯᠠᠯ ᠤᠳ ᠢ ᠴᠢᠭᠯᠡᠭᠦᠯᠦᠯᠲᠡᠢ ᠪᠠᠷ ᠰᠤᠭᠤᠴᠡᠠ ᠪᠠᠶᠢᠴᠠᠭᠠᠬᠤ ᠪᠠ ᠴᠢᠭᠯᠡᠯ | ᠦᠬᠡᠢ ᠪᠠᠷ ᠰᠤᠭᠤᠴᠠᠨ ᠪᠠᠶᠢᠴᠠᠭᠠᠬᠤ ᠶᠢ ᠲᠦᠪᠯᠡᠷᠡᠭᠦᠯᠦᠨ ᠦᠷᠨᠢᠭᠦᠯᠵᠦ᠂ ᠡᠯ᠎ᠡ ᠠᠶᠢᠮᠠᠭ ᠬᠤᠳᠠ ᠪᠠᠰᠠ ᠣᠷᠣᠨ | ᠨᠤᠲᠤᠭ ᠤᠨ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ᠂ ᠨᠡᠶᠢᠭᠡᠮ ᠨᠡᠶᠢᠲᠡ ᠶᠢᠨ ᠲᠤᠰᠬᠠᠯ ᠢᠶᠠᠷ ᠴᠢᠩᠭ᠎ᠠ᠂ | ᠵᠠᠭᠠᠯᠳᠤᠯᠭ᠎ᠠ ᠨᠡᠯᠢᠶᠡᠳ ᠠᠷᠪᠢᠨ ᠠᠵᠢᠯ ᠳᠦᠷᠦᠯ ᠢ ᠴᠢᠭᠯᠡᠭᠦᠯᠦᠯᠲᠡᠢ ᠪᠠᠷ ᠰᠤᠭᠤᠴᠠᠨ ᠪᠠᠶᠢᠴᠠᠭᠠᠬᠤ ᠬᠡᠷᠡᠭᠲᠡᠢ᠃ | ᠵᠢᠷᠭᠤᠭ᠎ᠠ ᠳᠤ᠂ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠠᠯᠠᠭ᠎ᠠ ᠮᠥᠴᠢᠷ ᠮᠡᠳᠡᠭᠡ ᠵᠠᠩᠭᠢ ᠶᠢ | ᠨᠡᠶᠢᠳᠡ ᠲᠤ ᠵᠠᠷᠯᠠᠬᠤ ᠪᠠ ᠬᠠᠮᠲᠤ ᠪᠠᠷ ᠡᠳ᠋ᠯᠡᠬᠦ ᠠᠵᠢᠯ ᠢ ᠱᠠᠯᠠᠪᠳᠠᠨ ᠲᠦᠯᠬᠢᠨ ᠠᠬᠢᠭᠤᠯᠵᠤ᠂ ᠮᠡᠳᠡᠭᠡ ᠵᠠᠩᠭᠢ ᠶᠢ | ᠨᠡᠶᠢᠳᠡ ᠳᠤ ᠵᠠᠷᠯᠠᠬᠤ ᠪᠠᠷ ᠰᠠᠭᠤᠷᠢ ᠪᠤᠯᠭᠠᠵᠤ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠬᠢᠨᠠᠯᠲᠠ | ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠪᠠ ᠬᠠᠷᠢᠯᠴᠠᠨ ᠬᠤᠯᠪᠤᠵᠤ ᠬᠠᠷᠢᠯᠴᠠᠨ ᠨᠡᠪᠲᠡᠷᠡᠯᠴᠡᠬᠦ ᠶᠢ | ᠠᠬᠢᠭᠤᠯᠵᠤ᠂ ︽ᠨᠢᠭᠡ ᠭᠠᠵᠠᠷ ᠬᠠᠤᠯᠢ ᠠᠴᠠ ᠵᠦᠷᠢᠴᠡᠪᠡᠯ ᠭᠠᠵᠠᠷ ᠪᠤᠯᠭᠠᠨ ᠲᠤ ᠬᠢᠵᠠᠭᠠᠷᠯᠠᠭᠳᠠᠬᠤ︾ ᠬᠢᠨᠠᠯᠲᠠ | ᠬᠠᠮᠢᠶᠠᠷᠤᠯᠲᠠ ᠶᠢᠨ ᠪᠠᠶᠢᠳᠠᠯ ᠢ ᠦᠨᠡᠨ ᠬᠦ ᠪᠤᠢ ᠪᠣᠯᠭᠠᠬᠤ ᠬᠡᠷᠡᠭᠲᠡᠶ᠃ ᠲᠤᠯᠤᠭ᠎ᠠ ᠳᠤ᠂ ᠲᠦᠷᠦ ᠶᠢᠨ ᠶᠠᠪᠤᠳᠠᠯ ᠤᠨ | ᠬᠤᠷᠢᠶᠠᠨ ᠤ ︽ ︿ᠤᠷᠢᠳ ᠢᠶᠠᠷ ᠡᠵᠡᠩᠨᠡᠯᠲᠡ ᠶᠢᠨ ᠦᠨᠡᠮᠯᠡᠯ ᠦᠭᠴᠦ ᠲᠠᠷᠠᠭ᠎ᠠ ᠨᠢ ᠵᠥᠪᠰᠢᠶᠡᠷᠡᠯ ᠤᠨ ᠦᠨᠡᠮᠯᠡᠯ | ᠠᠪᠬᠤ﹀ ᠥᠭᠡᠷᠡᠴᠢᠯᠡᠯᠲᠡ ᠶᠢᠨ ᠬᠡᠷᠡᠭ ᠤᠨ ᠳᠤᠮᠳᠠᠬᠢ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠲᠤᠬᠠᠶ ᠰᠠᠨᠠᠯ︾ ᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠡᠨ ᠬᠢᠨᠠᠨ | ᠵᠥᠪᠰᠢᠶᠡᠷᠡᠪᠡᠯ ᠬᠡᠨ ᠬᠢᠨᠠᠨ ᠬᠠᠮᠢᠶᠠᠷᠬᠤ᠂ ᠬᠡᠨ ᠡᠷᠬᠢᠯᠡᠨ ᠬᠠᠮᠢᠶᠠᠷᠪᠠᠯ ᠬᠡᠨ ᠬᠢᠨᠠᠨ ᠬᠠᠮᠢᠶᠠᠷᠬᠤ︾ ᠱᠠᠭᠠᠷᠳᠠᠯᠭ᠎ᠠ | ᠶᠤᠰᠤᠭᠠᠷ᠂ ᠰᠠᠯᠠᠭ᠎ᠠ ᠮᠥᠴᠢᠷ ᠤᠳ ᠤᠨ ᠬᠡᠷᠡᠭ ᠤᠨ ᠳᠤᠮᠳᠠᠬᠢ ᠬᠡᠷᠡᠭ ᠤᠨ ᠳᠠᠷᠠᠭᠠᠬᠢ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠲᠣᠳᠣᠷᠬᠠᠶᠢᠯᠠᠬᠤ ᠪᠠ ᠨᠠᠶᠢᠳᠠᠪᠤᠷᠢᠵᠢᠭᠤᠯᠵᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠ | ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠭᠡᠷᠡᠴᠢ ᠦᠨᠡᠮᠯᠡᠯ ᠬᠤᠯᠪᠤᠭᠠᠯᠠᠨ ᠬᠥᠳᠡᠯᠦᠯᠴᠡᠬᠦ ᠬᠢᠨᠠᠨ ᠬᠠᠮᠢᠶᠠᠷᠤᠯᠲᠠ ᠶᠢ ᠤᠯᠠᠮ ᠨᠢᠭᠡ | ᠠᠯᠬᠤᠮ ᠲᠦᠯᠬᠢᠨ ᠠᠬᠢᠭᠤᠯᠵᠤ ᠨᠠᠶᠢᠳᠠᠪᠤᠷᠢᠵᠢᠭᠤᠯᠬᠤ ᠬᠡᠷᠡᠭᠲᠡᠢ᠃ ᠨᠠᠢᠮᠠ ᠳᠤ᠂ ᠠᠵᠤ ᠠᠬᠤᠶᠢᠯᠠᠯ ᠤᠨ | ᠢᠲᠡᠭᠡᠮᠵᠢ ᠶᠢᠨ ᠬᠢᠵᠠᠭᠠᠷᠯᠠᠯ ᠢ ᠴᠢᠩᠭᠠᠳᠬᠠᠵᠤ᠂ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠬᠠᠮᠢᠶᠠᠷᠤᠯᠲᠠ᠂ | ᠬᠠᠤᠯᠢ ᠠᠴᠠ ᠬᠦᠨᠳᠦ ᠨᠣᠴᠢᠲᠠᠶ ᠵᠥᠷᠢᠴᠡᠵᠦ ᠢᠲᠡᠭᠡᠯ ᠢᠶᠠᠨ ᠠᠯᠳᠠᠭᠰᠠᠨ ᠠᠵᠤ ᠠᠬᠤᠶᠢᠯᠠᠯ ᠤᠨ ᠨᠡᠷᠡᠰ ᠤᠨ | ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠬᠡᠪ ᠤᠨ ᠪᠤᠰᠤ ᠨᠡᠷᠡᠰ ᠲᠤ | ᠵᠢᠭᠰᠠᠭᠠᠭᠳᠠᠭᠰᠠᠨ ᠪᠠ ᠬᠠᠤᠯᠢ ᠠᠴᠠ ᠬᠦᠨᠳᠦ ᠨᠣᠴᠢᠲᠠᠶ ᠵᠥᠷᠢᠴᠡᠵᠦ ᠢᠲᠡᠭᠡᠯ ᠢᠶᠠᠨ ᠠᠯᠳᠠᠭᠰᠠᠨ ᠠᠵᠤ | ᠠᠬᠤᠶᠢᠯᠠᠯ ᠤᠨ ᠨᠡᠷᠡᠰ ᠲᠤ ᠵᠢᠭᠰᠠᠭᠠᠭᠳᠠᠭᠰᠠᠨ ᠪᠠᠶᠢᠪᠠᠯ ᠵᠠᠰᠠᠭ ᠤᠨ ᠣᠷᠳᠣᠨ ᠤ ᠬᠤᠳᠠᠯᠳᠤᠨ ᠠᠪᠬᠤ᠂ | ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ᠂ ᠤᠯᠤᠰ ᠤᠨ ᠥᠮᠴᠢᠯᠡᠯ ᠤᠨ ᠭᠠᠵᠠᠷ | ᠰᠢᠷᠣᠶ ᠶᠢ ᠰᠢᠯᠵᠢᠭᠦᠯᠦᠨ ᠥᠭᠬᠦ᠂ ᠢᠷᠠᠭᠤ ᠠᠯᠳᠠᠷ ᠤᠨ ᠴᠣᠯᠠ ᠣᠯᠭᠤᠬᠤ ᠵᠡᠷᠭᠡ ᠲᠠᠯ᠎ᠠ ᠪᠠᠷ ᠬᠢᠵᠠᠭᠠᠷᠯᠠᠵᠤ᠂ | ᠨᠡᠶᠢᠭᠡᠮ ᠢᠶᠠᠷ ᠢᠶᠠᠨ ᠬᠠᠮᠲᠤ ᠪᠠᠷ ᠵᠠᠰᠠᠬᠤ ᠬᠢᠨᠠᠨ ᠬᠠᠮᠢᠶᠠᠷᠬᠤ ᠡᠷᠴᠢᠮ ᠢ ᠨᠡᠮᠡᠭᠳᠡᠭᠦᠯᠬᠦ ᠬᠡᠷᠡᠭᠲᠡᠶ᠃ ᠶᠢᠰᠦ ᠳᠤ᠂ ︽ | ᠬᠤᠣᠰ ᠲᠠᠰᠢᠷᠠᠮ︾ ᠤᠨ ᠰᠤᠭᠤᠴᠠᠨ ᠪᠠᠶᠢᠴᠠᠭᠠᠬᠤ ᠲᠤᠭᠲᠠᠴᠠ ᠶᠢ ᠴᠢᠩᠭ᠎ᠠ ᠬᠡᠷᠡᠭᠵᠢᠭᠦᠯᠵᠦ᠂ ᠡᠯ᠎ᠡ | ᠭᠠᠵᠠᠷ ᠤᠨ ᠬᠢᠨ ︽ᠬᠤᠣᠰ ᠲᠠᠰᠢᠷᠠᠮ︾ ᠤᠨ ᠠᠵᠢᠯ ᠤᠨ ᠠᠷᠭ᠎ᠠ ᠬᠡᠮᠵᠢᠶ᠎ᠡ ᠶᠢ ᠱᠠᠯᠠᠪᠳᠠᠨ ᠲᠣᠭᠲᠠᠭᠠᠵᠤ᠂ | ᠲᠥᠷᠥ ᠶᠢᠨ ᠶᠠᠪᠤᠳᠠᠯ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠪᠠᠶᠢᠴᠠᠭᠠᠭᠳᠠᠬᠤ ᠠᠵᠤ ᠠᠬᠤᠶᠢᠯᠠᠯ ᠤᠨ | ᠨᠡᠷᠡᠰ ᠢ ᠪᠠᠷᠢᠨ ᠰᠣᠩᠭᠤᠨ ᠭᠠᠷᠭᠠᠵᠤ᠂ ᠪᠠᠶᠢᠴᠠᠭᠠᠬᠤ ᠠᠵᠢᠯᠳᠡᠠ ᠢ ᠪᠠᠷᠢᠨ ᠲᠤᠭᠲᠠᠭᠠᠵᠤ᠂ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠲᠥᠪ ᠭᠤᠣᠯᠴᠢ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ᠃ ᠠᠷᠪᠠ | ᠳᠤ᠂ ᠠᠵᠤ ᠠᠬᠤᠶᠢᠯᠠᠯ ᠤᠨ ᠲᠡᠮᠳᠡᠭᠯᠡᠭᠦᠯᠦᠨ ᠳᠠᠩᠰᠠᠯᠠᠭᠤᠯᠬᠤ ᠥᠢᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ | ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠶᠢ ᠵᠥᠷᠢᠴᠡᠭᠰᠡᠨ ᠲᠡᠮᠳᠡᠭᠯᠡᠭᠦᠯᠵᠦ ᠳᠠᠩᠰᠠᠯᠠᠭᠤᠯᠤᠭᠰᠠᠨ ᠵᠦᠢᠯ ᠪᠠ | ᠬᠠᠤᠯᠢ ᠶᠢ ᠵᠥᠷᠢᠴᠡᠭᠰᠡᠨ ᠪᠤᠰᠤᠳ ᠠᠵᠢᠯᠯᠠᠭ᠎ᠠ ᠲᠠᠢ ᠠᠵᠤ ᠠᠬᠤᠶᠢᠯᠠᠯ ᠢ ᠪᠠᠶᠢᠴᠠᠭᠠᠨ ᠰᠢᠳᠬᠡᠬᠦ ᠡᠷᠴᠢᠮ ᠢᠶᠠᠨ | ᠤᠯᠠᠮ ᠨᠢᠭᠡ ᠠᠯᠬᠤᠮ ᠴᠢᠩᠭᠠᠳᠬᠠᠵᠤ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠵᠢᠷᠤᠮ ᠢ ᠬᠠᠮᠠᠭᠠᠯᠠᠵᠤ᠂ | ᠡᠷᠬᠡ ᠲᠡᠭᠰᠢ ᠲᠥᠪ ᠭᠤᠣᠯᠴᠢ ᠵᠠᠬ᠎ᠠ ᠳᠡᠯᠭᠡᠭᠦᠷ ᠤᠨ ᠣᠷᠴᠢᠨ ᠲᠤᠭᠤᠷᠢᠨ ᠢ ᠪᠤᠢ ᠪᠤᠯᠭᠠᠬᠤ ᠬᠡᠷᠡᠭᠲᠡᠢ᠃ |