ᠣᠶᠢᠷ᠎ᠠ ᠳᠤ᠂ ᠠᠯᠠᠱᠠ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠠᠶᠢᠮᠠᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠠᠯᠠᠱᠠ ᠠᠶᠢᠮᠠᠭ ᠤᠨ ᠭᠡᠷ ᠪᠦᠯᠢ ᠶᠢᠨ ᠲᠠᠷᠢᠶᠠᠯᠠᠩ | ᠮᠠᠯᠵᠢᠯ ᠤᠨ ᠲᠠᠯᠠᠪᠠᠢ ᠪᠣᠯᠤᠨ ᠲᠤᠰᠬᠠᠶᠢᠵᠢᠭᠰᠠᠨ ᠲᠤᠮᠤ ᠡᠷᠦᠬᠡ ᠶᠢ ᠮᠠᠭᠠᠳᠯᠠᠨ ᠲᠣᠭᠲᠠᠭᠠᠵᠤ ᠬᠢᠨᠠᠨ ᠰᠢᠯᠭᠠᠬᠤ | ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠬᠠᠮᠲᠤᠷᠠᠨ ᠲᠠᠷᠬᠠᠭᠠᠵᠤ᠂ ᠪᠦᠬᠦ ᠠᠶᠢᠮᠠᠭ ᠤᠨ ᠬᠡᠪᠴᠢᠶᠡᠨ ᠳᠤ ᠭᠡᠷ | ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠲᠤᠰᠬᠠᠶᠢᠵᠢᠭᠰᠠᠨ ᠲᠤᠮᠤ ᠡᠷᠦᠬᠡ ᠶᠢ ᠮᠠᠭᠠᠳᠯᠠᠨ ᠲᠣᠭᠲᠠᠭᠠᠬᠤ | ᠨᠥᠬᠦᠴᠡᠯ ᠪᠠ ᠪᠠᠷᠢᠮᠵᠢᠶ᠎ᠠ᠂ ᠳᠠᠩᠰᠠᠯᠠᠭᠤᠯᠬᠤ ᠡᠷᠡᠮᠡᠯᠵᠡᠯᠡᠬᠦ ᠮᠠᠭᠠᠳᠯᠠᠨ ᠲᠣᠭᠲᠠᠭᠠᠬᠤ ᠵᠢᠷᠣᠮ᠂ ᠮᠠᠭᠠᠳᠯᠠᠨ | ᠲᠣᠭᠲᠠᠭᠠᠬᠤ ᠠᠷᠭ᠎ᠠ ᠬᠡᠮᠵᠢᠶ᠎ᠡ ᠳᠤ ᠨᠠᠷᠢᠨ ᠲᠣᠳᠣᠷᠬᠠᠶᠢᠯᠠᠯᠲᠠ ᠬᠢᠪᠡ᠃ | ᠡᠨᠡ ᠠᠷᠭ᠎ᠠ ᠶᠢ ᠬᠡᠷᠡᠭᠵᠢᠭᠦᠯᠦᠭᠰᠡᠨ ᠨᠢ᠂ ᠠᠯᠠᠱᠠ ᠠᠶᠢᠮᠠᠭ ᠤᠨ ᠰᠢᠨ᠎ᠡ ᠮᠠᠶ᠋ᠢᠭ ᠤᠨ ᠡᠵᠡᠩᠨᠡᠯᠲᠡ ᠶᠢᠨ | ᠪᠡᠶᠡᠴᠢ ᠴᠣᠭᠴᠠ ᠶᠢ ᠬᠥᠭᠵᠢᠭᠦᠯᠦᠨ ᠪᠤᠵᠠᠭᠠᠶᠢᠷᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠳᠠᠪᠠᠭᠤᠯᠢᠭ | ᠣᠨᠴᠠᠯᠢᠭ ᠪᠦᠬᠦᠢ ᠠᠵᠤ ᠦᠢᠯᠡᠰ ᠤᠨ ᠬᠥᠭᠵᠢᠯᠲᠡ ᠳᠤ ᠨᠥᠬᠦᠴᠡᠯ ᠪᠦᠷᠢᠯᠳᠦᠭᠦᠯᠵᠦ ᠥᠭᠭᠦᠭᠰᠡᠨ ᠪᠠᠶᠢᠨ᠎ᠠ᠃ | ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠲᠣᠭᠲᠠᠭᠠᠬᠤ ᠪᠠᠷ ᠳᠠᠮᠵᠢᠭᠤᠯᠤᠨ᠂ ᠭᠡᠷ ᠪᠦᠯᠢ ᠶᠢᠨ ᠲᠠᠷᠢᠶᠠᠯᠠᠩ ᠮᠠᠯᠵᠢᠯ | ᠤᠨ ᠲᠠᠯᠠᠪᠠᠢ᠂ ᠲᠤᠰᠬᠠᠶᠢᠵᠢᠭᠰᠠᠨ ᠲᠤᠮᠤ ᠡᠷᠤᠬᠡ ᠨᠢ ᠪᠣᠳᠠᠲᠤ ᠶᠠᠭᠤᠮ᠎ᠠ᠂ ᠭᠠᠵᠠᠷ ᠰᠢᠷᠣᠶ ᠶᠢᠨ ᠬᠡᠷᠡᠭᠯᠡᠬᠦ ᠡᠷᠬᠡ᠂ | ᠰᠲ᠋ᠣᠺ ᠤᠨ ᠡᠷᠬᠡ᠂ ᠠᠪᠴᠠᠭ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠬᠡᠯᠪᠡᠷᠢ ᠪᠠᠷ ᠠᠵᠤ | ᠦᠢᠯᠡᠰ ᠤᠨ ᠪᠡᠯᠡ ᠲᠣᠬᠢᠷᠠᠭᠤᠯᠬᠤ ᠵᠢᠴᠢ ᠮᠠᠯ ᠠᠵᠤ ᠠᠬᠤᠶ ᠳᠤ ᠬᠤᠯᠪᠣᠭᠳᠠᠬᠤ ᠲᠥᠷᠥᠯ ᠵᠦᠢᠯ ᠤᠨ ᠪᠡᠯᠡ | ᠮᠥᠩᠭᠦ ᠶᠢᠨ ᠲᠡᠳᠬᠦᠮᠵᠢ ᠣᠯᠬᠤ ᠵᠡᠷᠭᠡ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠰᠢᠨ᠎ᠡ ᠮᠠᠶ᠋ᠢᠭ ᠤᠨ | ᠡᠵᠡᠩᠨᠡᠯᠲᠡ ᠶᠢᠨ ᠪᠡᠶᠡᠴᠢ ᠴᠣᠭᠴᠠ ᠨᠢ ᠲᠠᠷᠢᠮᠠᠯ ᠤᠨ ᠦᠢᠯᠡᠰ ᠪᠤᠶᠤ ᠮᠠᠯ ᠠᠵᠤ ᠠᠬᠤᠶ ᠶᠢᠨ ᠦᠢᠯᠡᠳᠪᠦᠷᠢᠯᠡᠯ ᠢᠶᠠᠷ | ᠳᠡᠮᠵᠢᠨ᠂ ᠮᠠᠯᠴᠢᠨ ᠲᠠᠷᠢᠶᠠᠴᠢᠳ ᠤᠨ ᠭᠡᠷ ᠪᠦᠯᠢ ᠶᠢᠨ ᠪᠦᠷᠢᠯᠳᠦᠬᠦᠨ ᠢᠶᠠᠷ ᠭᠤᠣᠯ ᠬᠥᠳᠡᠯᠮᠦᠷᠢ ᠬᠦᠴᠦ ᠪᠣᠯᠭᠠᠵᠤ᠂ | ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠣᠷᠣᠯᠭ᠎ᠠ ᠪᠠᠷ ᠭᠤᠣᠯ ᠣᠷᠣᠯᠭ᠎ᠠ ᠶᠢᠨ ᠢᠷᠡᠯᠲᠡ ᠪᠣᠯᠭᠠᠵᠤ᠂ | ᠭᠡᠷ ᠪᠦᠯᠢ ᠪᠠᠷ ᠳᠠᠭᠠᠭᠠᠴᠢᠯᠠᠭᠤᠯᠬᠤ ᠪᠤᠶᠤ ᠭᠠᠵᠠᠷ ᠰᠢᠷᠣᠶ ᠨᠤᠲᠤᠭ ᠪᠡᠯᠴᠢᠭᠡᠷ ᠰᠢᠯᠵᠢᠭᠦᠯᠬᠦ ᠵᠡᠷᠭᠡ ᠶᠢ ᠠᠰᠢᠭᠯᠠᠵᠤ᠂ | ᠲᠤᠰᠬᠠᠶ ᠲᠠᠷᠢᠵᠦ ᠲᠡᠵᠢᠭᠡᠬᠦ᠂ ᠪᠣᠯᠪᠠᠰᠤᠷᠠᠭᠤᠯᠬᠤ᠂ ᠡᠵᠡᠩᠨᠡᠬᠦ᠂ ᠦᠢᠯᠡᠴᠢᠯᠡᠬᠦ ᠵᠡᠷᠭᠡ ᠦᠢᠯᠡᠳᠪᠦᠷᠢᠯᠡᠯ ᠤᠨ | ᠠᠵᠢᠯᠯᠠᠭ᠎ᠠ ᠬᠢᠵᠦ᠂ ᠬᠡᠪᠴᠢᠶᠡᠵᠢᠭᠦᠯᠦᠭᠰᠡᠨ᠂ ᠡᠷᠴᠢᠮᠵᠢᠭᠦᠯᠦᠭᠰᠡᠨ᠂ ᠲᠠᠸᠠᠷᠴᠢᠯᠠᠭᠰᠠᠨ ᠲᠠᠷᠢᠶᠠᠯᠠᠩ ᠮᠠᠯ ᠠᠵᠤ | ᠠᠬᠤᠶ ᠶᠢᠨ ᠦᠢᠯᠡᠳᠪᠦᠷᠢᠯᠡᠯ ᠢ ᠡᠷᠬᠢᠯᠡᠵᠦ ᠂ ᠪᠦᠬᠦ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠳᠠᠪᠠᠭᠤᠯᠢᠭ | ᠣᠨᠴᠠᠯᠢᠭ ᠪᠦᠬᠦᠢ ︽ᠲᠠᠪᠤᠨ ᠶᠡᠭᠡ ᠠᠵᠤ ᠦᠢᠯᠡᠰ︾ ᠤᠨ ᠬᠥᠭᠵᠢᠯᠲᠡ ᠶᠢ ᠤᠯᠠᠮ ᠨᠢᠭᠡ ᠠᠯᠬᠤᠮ ᠲᠦᠯᠬᠢᠨ | ᠠᠬᠢᠭᠤᠯᠵᠤ ᠪᠣᠢ᠃ |