ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ | ᠣᠶᠢᠷ᠎ᠠ ᠳᠤ᠂ ᠣᠷᠳᠣᠰ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠦᠪᠯᠡᠯ ᠲᠤᠰᠬᠠᠶ ᠬᠤᠷᠠᠯ ᠬᠢᠵᠦ᠂ | ᠬᠠᠪᠤᠷ ᠤᠨ ᠤᠯᠠᠷᠢᠯ ᠤᠨ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠬᠦ ᠠᠵᠢᠯ ᠢ ᠰᠤᠳᠤᠯᠤᠨ | ᠪᠠᠶᠢᠷᠢᠯᠠᠭᠤᠯᠵᠠᠶ᠃ ᠲᠤᠰᠬᠠᠶ ᠪᠠᠶᠢᠴᠠᠭᠠᠬᠤ 4 ᠳᠤᠭᠤᠶᠢᠯᠠᠩ ᠪᠠᠶᠢᠭᠤᠯᠤᠨ ᠬᠤᠲᠠ ᠶᠢᠨ ᠪᠦᠳᠦᠭᠡᠨ | ᠪᠠᠶᠢᠭᠤᠯᠤᠯᠲᠠ ᠶᠢᠨ ᠵᠦᠪᠯᠡᠯ ᠤᠨ ᠭᠤᠣᠯ ᠤᠳᠤᠷᠢᠳᠤᠯᠭ᠎ᠠ ᠪᠠ ᠬᠤᠪᠢᠳᠠᠨ ᠬᠠᠮᠢᠶᠠᠷᠬᠤ ᠤᠳᠤᠷᠢᠳᠤᠯᠭ᠎ᠠ ᠳᠠᠭᠠᠭᠤᠯᠵᠤ᠂ | ᠪᠦᠬᠦ ᠬᠤᠲᠠ ᠶᠢᠨ ᠡᠯ᠎ᠡ ᠬᠤᠰᠢᠭᠤ ᠲᠣᠭᠤᠷᠢᠭ ᠤᠨ ᠪᠠᠷᠢᠯᠭ᠎ᠠ ᠪᠠᠷᠢᠬᠤ ᠭᠠᠵᠠᠷ ᠲᠤ ᠲᠤᠰ ᠲᠤᠰ ᠭᠦᠨᠵᠡᠭᠡᠶᠢᠷᠡᠵᠦ᠂ | ᠠᠶᠤᠯ ᠦᠭᠡᠢ ᠦᠢᠯᠡᠳᠪᠦᠷᠢᠯᠡᠯ ᠤᠨ ᠲᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ᠃ | ᠪᠠᠶᠢᠴᠠᠭᠠᠬᠤ ᠳᠤᠭᠤᠶᠢᠯᠠᠩ ᠪᠠᠷᠢᠯᠭ᠎ᠠ ᠶᠢᠨ ᠭᠠᠵᠠᠷ ᠲᠤ ᠭᠦᠨᠵᠡᠭᠡᠶᠢᠷᠡᠵᠦ᠂ ᠰᠤᠪᠤᠷᠭᠠᠨ ᠬᠡᠯᠪᠡᠷᠢᠲᠦ ᠡᠷᠭᠦᠭᠦᠷ | ᠮᠠᠰᠢᠨ᠂ ᠴᠠᠬᠤᠯᠠᠭᠤᠷ᠂ ᠳᠦᠷ ᠬᠡᠷᠡᠭᠯᠡᠬᠦ ᠴᠠᠬᠢᠯᠭᠠᠨ᠂ ᠢᠳᠡᠭᠡᠨ ᠤ ᠠᠮᠤᠷ ᠲᠦᠪᠰᠢᠨ ᠵᠡᠷᠭᠡ ᠶᠢ ᠪᠠᠶᠢᠴᠠᠭᠠᠵᠤ᠂ | ᠠᠶᠤᠯ ᠦᠭᠡᠢ ᠦᠢᠯᠡᠳᠪᠦᠷᠢᠯᠡᠯ ᠤᠨ ᠲᠠᠯᠳᠠ ᠭᠡᠮ ᠣᠷᠣᠰᠢᠵᠤ ᠪᠠᠶᠢᠪᠠᠯ ᠳᠠᠷᠦ᠋ᠢᠬᠠᠨ ᠴᠡᠭᠴᠡᠯᠡᠨ ᠦᠭᠡᠷᠴᠢᠯᠡᠬᠦ ᠶᠢ | ᠱᠠᠭᠠᠷᠳᠠᠵᠤ᠂ ᠬᠦᠨᠳᠦ ᠶᠡᠭᠡ ᠲᠠᠯᠳᠠ ᠭᠡᠮ ᠢ ᠤᠳᠤᠷᠢᠳᠤᠯᠭ᠎ᠠ ᠰᠢᠭᠤᠳ ᠰᠢᠪᠠᠳᠠᠨ ᠰᠢᠢᠳᠪᠦᠷᠢᠯᠡᠬᠦ ᠶᠢ | ᠬᠡᠷᠡᠭᠵᠢᠭᠦᠯᠪᠡ᠃ ᠪᠠᠶᠢᠴᠠᠭᠠᠬᠤ ᠶᠠᠪᠤᠴᠠ ᠳᠤ ᠠᠵᠤ ᠠᠬᠤᠶᠢᠯᠠᠯ ᠨᠢ ᠰᠢᠨ᠎ᠡ ︽ᠠᠶᠤᠯ ᠦᠭᠡᠢ ᠦᠢᠯᠡᠳᠪᠦᠷᠢᠯᠡᠯ ᠤᠨ | ᠬᠠᠤᠯᠢ︾ ᠪᠠᠷ ᠦᠨᠳᠦᠰᠦᠯᠡᠯ ᠪᠤᠯᠭᠠᠨ ᠪᠠᠷᠢᠯᠭ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠬᠦ ᠶᠢ ᠭᠤᠣᠯᠳᠠᠯᠭ᠎ᠠ ᠲᠠᠢ ᠴᠢᠬᠤᠯᠠᠴᠢᠯᠠᠵᠤ᠂ ᠡᠷᠬᠡ ᠲᠤᠰᠢᠶᠠᠯᠳᠤ ᠰᠠᠯᠠᠭ᠎ᠠ | ᠮᠥᠴᠢᠷ ᠤᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠠᠶᠢᠰᠢᠩ ᠤᠨ ᠪᠠᠷᠢᠯᠭ᠎ᠠ ᠪᠣᠯᠤᠨ | ᠬᠤᠳᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠳᠤ ᠬᠢᠨᠠᠯᠲᠠ | ᠲᠠᠯᠪᠢᠬᠤ ᠠᠵᠢᠯ ᠢ ᠵᠢᠯᠣᠭᠤᠳᠬᠤ ᠳᠦᠷᠢᠮ ᠵᠡᠷᠭᠡ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ | ᠦᠨᠳᠦᠰᠦᠯᠡᠨ᠂ ᠲᠤᠰ ᠲᠤᠰ ᠤᠨ ᠡᠷᠬᠡ ᠲᠤᠰᠢᠶᠠᠯ ᠢᠶᠠᠨ ᠭᠦᠢᠴᠡᠳᠬᠡᠨ ᠣᠷᠳᠣᠰ ᠬᠤᠲᠠ ᠶᠢᠨ ᠪᠠᠷᠢᠯᠭ᠎ᠠ ᠶᠢᠨ | ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠰᠠᠶᠢᠨ ᠰᠠᠶᠢᠬᠠᠨ ᠲᠣᠭᠲᠠᠭᠤᠨ ᠢᠶᠠᠷ ᠶᠠᠪᠤᠭᠳᠠᠬᠤ ᠶᠢ ᠦᠨᠡᠨ ᠬᠦ | ᠪᠠᠲᠤᠯᠠᠭᠰᠠᠨ ᠪᠠᠶᠢᠨ᠎ᠠ᠃ |