ᠣᠷᠣᠨ ᠤ ᠲᠥᠪ ᠠᠩᠬᠠᠳᠠᠭᠴᠢ ᠲᠦᠷᠭᠡᠨ ᠬᠦᠷᠭᠡᠬᠦ ᠡᠯᠧᠺᠲᠷᠣᠨ ᠬᠤᠳᠠᠯᠳᠤᠭᠠᠨ ᠤ ᠦᠢᠯᠡᠰ ᠤᠨ ᠬᠦᠷᠢᠶᠡᠯᠡᠩ ᠢ ᠪᠦᠲᠦᠭᠡᠨ ᠪᠠᠶᠢᠭᠤᠯᠵᠤ ᠪᠣᠢ
ᠨᠡᠶᠢᠲᠡᠯᠡᠭᠰᠡᠨ ᠴᠠᠭ᠄
2016/4/20
     ᠬᠥᠬᠡᠬᠤᠲᠠ ᠠᠩᠬᠠᠳᠠᠭᠴᠢ ᠲᠦᠷᠭᠡᠨ ᠬᠦᠷᠭᠡᠬᠦ ᠡᠯᠧᠺᠲᠷᠣᠨ ᠬᠤᠳᠠᠯᠳᠤᠭᠠᠨ ᠤ ᠦᠢᠯᠡᠰ ᠤᠨ ᠬᠦᠷᠢᠶᠡᠯᠡᠩ —  ᠣᠪᠣᠭ᠎ᠠ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠪᠠᠶᠢᠭᠤᠯᠪᠠ᠃ ᠡᠨᠡ ᠵᠢᠯ ᠤᠨ 6 ᠳ᠋ᠤᠭᠠᠷ ᠰᠠᠷ᠎ᠠ ᠠᠴᠠ ᠡᠬᠢᠯᠡᠨ 2017 ᠣᠨ ᠤ 4 ᠳ᠋ᠦ᠋ᠭᠡᠷ ᠰᠠᠷ᠎ᠠ ᠶᠢᠨ ᠡᠬᠢ ᠪᠣᠯᠲᠠᠯ᠎ᠠ᠂ ᠪᠦᠬᠦ ᠬᠤᠲᠠ ᠶᠢᠨ ᠲᠦᠷᠭᠡᠨ ᠬᠦᠷᠭᠡᠬᠦ ᠠᠵᠤ ᠠᠬᠤᠶᠢᠯᠠᠯ ᠤᠳ ᠢ ᠬᠦᠷᠢᠶᠡᠯᠡᠩ ᠳᠤ ᠨᠢᠭᠡᠳᠦᠯᠲᠡᠶ ᠣᠷᠣᠭᠤᠯᠬᠤ᠂ ᠨᠢᠭᠡᠳᠦᠯᠲᠡᠶ ᠬᠤᠪᠢᠶᠠᠷᠢᠯᠠᠬᠤ᠂ ᠨᠢᠭᠡᠳᠦᠯᠲᠡᠶ ᠲᠣᠬᠢᠷᠠᠭᠤᠯᠤᠨ ᠬᠦᠷᠭᠡᠬᠦ ᠪᠣᠯᠭᠠᠨ᠎ᠠ᠃ ᠣᠪᠣᠭ᠎ᠠ ᠬᠦᠷᠢᠶᠡᠯᠡᠩ ᠲᠣᠭᠤᠷᠢᠭ ᠨᠢ ᠪᠦᠷᠢᠨ ᠪᠠᠷᠠᠭ᠎ᠠ ᠬᠠᠳᠠᠭᠠᠯᠠᠵᠤ ᠵᠥᠭᠡᠭᠡᠪᠦᠷᠢᠯᠡᠬᠦ᠂ ᠲᠦᠷᠭᠡᠨ ᠬᠦᠷᠭᠡᠬᠦ ᠡᠯᠧᠺᠲᠷᠣᠨ ᠬᠤᠳᠠᠯᠳᠤᠭ᠎ᠠ ᠶᠢ ᠨᠢᠭᠡ ᠴᠣᠭᠴᠠ ᠪᠣᠯᠭᠠᠭᠰᠠᠨ ᠣᠳᠣᠬᠢᠴᠢᠯᠠᠭᠰᠠᠨ ᠶᠡᠷᠦᠩᠬᠡᠶ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠪᠣᠯᠣᠨ᠎ᠠ᠃      ᠪᠦᠷᠢᠳᠬᠡᠯ ᠢ ᠦᠨᠳᠦᠰᠦᠯᠡᠪᠡᠯ᠂ 2015 ᠣᠨ ᠳᠤ᠂ ᠬᠥᠬᠡᠬᠤᠲᠠ ᠶᠢᠨ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠤᠨ ᠬᠡᠮᠵᠢᠶ᠎ᠡ 2688.09 ᠲᠦᠮᠡᠨ ᠬᠤᠪᠢ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 12.32 %᠎ ᠢᠶᠠᠷ ᠨᠡᠮᠡᠭᠳᠡᠪᠡ᠃ ᠭᠡᠪᠡᠴᠦ᠂ ᠬᠤᠳᠠ ᠶᠢᠨ ᠤᠳᠤ ᠪᠠᠶᠢᠭ᠎ᠠ 45 ᠲᠦᠷᠭᠡᠨ ᠬᠦᠷᠭᠡᠬᠦ ᠠᠵᠤ ᠠᠬᠤᠶᠢᠯᠠᠯ ᠲᠤᠰ ᠲᠤᠰ ᠲᠠᠭᠠᠨ ᠲᠤᠬ ᠪᠤᠰᠬᠠᠵᠤ᠂ ᠲᠤᠰᠠᠭᠠᠷ ᠢᠯᠭᠠᠵᠤ᠂ ᠲᠤᠰᠠᠭᠠᠷ ᠲᠣᠬᠢᠷᠠᠭᠤᠯᠤᠨ ᠬᠦᠷᠭᠡᠵᠤ ᠪᠠᠶᠢᠭ᠎ᠠ ᠪᠣᠯᠬᠤᠷ᠂ ᠬᠤᠳᠠᠯᠳᠤᠭᠠᠨ ᠤ ᠲᠣᠣᠷ ᠰᠦᠯᠵᠢᠶᠡᠨ ᠤ ᠪᠠᠶᠢᠷᠢᠯᠠᠭᠤᠯᠤᠯᠲᠠ ᠨᠢ ᠵᠦᠢ ᠵᠤᠬᠢᠰ ᠦᠭᠡᠢ᠂ ᠬᠦᠷᠭᠡᠬᠦ ᠷᠠᠳᠢᠦ᠋ᠰ ᠨᠢ ᠶᠡᠭᠡ᠂ ᠲᠣᠬᠢᠷᠠᠭᠤᠯᠤᠨ ᠬᠦᠷᠭᠡᠬᠦ ᠡᠬᠢ ᠪᠠᠶᠠᠯᠢᠭ ᠢ ᠬᠠᠮᠲᠤ ᠪᠠᠷ ᠡᠳ᠋ᠯᠡᠵᠤ ᠪᠣᠯᠬᠤ ᠦᠭᠡᠢ᠂ ᠪᠠᠷᠠᠭ᠎ᠠ ᠶᠢᠨ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠥᠪᠡᠷ ᠤᠨ ᠥᠷᠳᠡᠭ ᠢ ᠨᠡᠮᠡᠭᠳᠡᠭᠦᠯᠪᠡ᠃ ᠲᠦᠷᠭᠡᠨ ᠬᠦᠷᠭᠡᠬᠦ ᠦᠢᠯᠡᠰ ᠤᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠪᠣᠭᠤᠮᠢ ᠶᠢᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ ᠲᠥᠯᠥᠭᠡ᠂ ᠡᠨᠡ ᠵᠢᠯ᠂ ᠬᠥᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠳ᠋ ᠪᠠᠷᠠᠭᠠᠨ ᠤ ᠭᠦᠢᠯᠭᠡᠭᠡ ᠶᠢᠨ ᠥᠪᠡᠷ ᠤᠨ ᠦᠷᠲᠡᠭ ᠢ ᠦᠨᠡᠨ ᠬᠦ ᠪᠠᠭᠤᠷᠠᠭᠤᠯᠬᠤ ᠱᠠᠭᠠᠷᠳᠠᠯᠭ᠎ᠠ ᠳᠤᠷᠠᠳᠴᠤ ᠂ ᠠᠵᠤ ᠠᠬᠤᠶᠢᠯᠠᠯ ᠢ ᠦᠨᠡᠨ ᠬᠦ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠵᠢᠷᠤᠮᠵᠢᠯ ᠲᠠᠢ ᠡᠵᠡᠩᠨᠡᠵᠦ᠂ ᠲᠦᠷᠭᠡᠨ ᠬᠦᠷᠭᠡᠬᠦ ᠡᠳ᠋ ᠪᠠᠷᠠᠭᠠᠨ ᠤ ᠭᠦᠢᠯᠭᠡᠭᠡ ᠶᠢᠨ ᠥᠪᠡᠷ ᠤᠨ ᠦᠷᠲᠡᠭ ᠢ ᠳᠠᠰᠤᠷᠠᠯᠳᠠ ᠦᠭᠡᠢ ᠪᠠᠭᠤᠷᠠᠭᠤᠯᠵᠤ᠂ ᠲᠣᠬᠢᠷᠠᠭᠤᠯᠤᠨ ᠬᠦᠷᠭᠡᠬᠦ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ᠂ ᠬᠤᠳᠠ ᠶᠢᠨ ᠵᠠᠮ ᠬᠠᠷᠢᠯᠴᠠᠭ᠎ᠠ ᠶᠢ ᠨᠡᠩ ᠰᠢᠯᠤᠭᠤᠳᠬᠠᠬᠤ ᠪᠥᠭᠡᠳ ᠣᠪᠣᠭ᠎ᠠ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠪᠦᠬᠦ ᠬᠤᠲᠠ ᠶᠢᠨ ᠲᠦᠷᠭᠡᠨ ᠬᠦᠷᠭᠡᠬᠦ ᠡᠯᠧᠺᠲᠷᠣᠨ ᠬᠤᠳᠠᠯᠳᠤᠭᠠᠨ ᠤ ᠦᠢᠯᠡᠰ ᠤᠨ ᠬᠦᠷᠢᠶᠡᠯᠡᠩ ᠪᠣᠯᠭᠠᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号