ᠣᠶᠢᠷ᠎ᠠ ᠳᠤ᠂ ᠣᠩᠨᠢᠭᠤᠳ ᠬᠤᠰᠢᠭᠤ ᠶᠢᠨ ᠭᠤᠣᠯᠳᠠᠯᠭ᠎ᠠ ᠲᠠᠢ ᠪᠤᠶᠢᠵᠢᠭᠤᠯᠵᠤ ᠪᠠᠶᠢᠭ᠎ᠠ ᠠᠵᠤ | ᠦᠢᠯᠡᠰᠵᠢᠭᠰᠡᠨ ᠲᠣᠯᠣᠭᠠᠶᠢᠯᠠᠭᠴᠢ ᠠᠵᠤ ᠠᠬᠤᠶᠢᠯᠠᠯ ᠤᠨ ᠨᠢᠭᠡ ᠪᠤᠯᠬᠤ ᠥᠪᠥᠷ ᠮᠣᠩᠭᠤᠯ ᠤᠨ ᠮᠧᠩ ᠳ᠋ᠦ᠋ | ᠬᠤᠨᠢᠨ ᠤ ᠦᠢᠯᠡᠰ ᠤᠨ ᠬᠢᠵᠠᠭᠠᠷᠲᠤ ᠺᠣᠮᠫᠠᠨᠢ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ ᠵᠡᠷᠭᠡ ᠤᠯᠠᠨ | ᠵᠢᠷᠤᠮ ᠢ ᠦᠩᠭᠡᠷᠡᠭᠡᠭᠡᠳ ᠠᠮᠵᠢᠯᠲᠠ ᠲᠠᠢ ᠪᠠᠷ ᠫᠠᠶᠢᠰᠠ ᠡᠯᠭᠦᠨ ᠰᠢᠨ᠎ᠡ ᠭᠤᠷᠪᠠᠳᠤᠭᠠᠷ ᠬᠡᠪᠯᠡᠯ ᠤᠨ ᠵᠠᠬ᠎ᠠ | ᠳᠡᠯᠭᠡᠭᠦᠷ ᠲᠤ ᠤᠷᠤᠪᠠ᠃ ᠲᠤᠰ ᠺᠤᠮᠫᠠᠨᠢ ᠪᠣᠯ ᠯᠢᠩ ᡁᠢ ᠬᠤᠪᠢ ᠤᠷᠤᠭᠤᠯᠤᠭᠰᠠᠨ ᠺᠤᠮᠫᠠᠨᠢ ᠶᠢᠨ ᠳᠠᠷᠠᠭ᠎ᠠ᠂ | ᠣᠩᠨᠢᠭᠤᠳ ᠬᠤᠰᠢᠭᠤ ᠶᠢᠨ ᠫᠠᠶᠢᠰᠠ ᠡᠯᠭᠦᠨ ᠰᠢᠨ᠎ᠡ ᠭᠤᠷᠪᠠᠳᠤᠭᠠᠷ ᠬᠡᠪᠯᠡᠯ ᠤᠨ ᠵᠠᠬ᠎ᠠ ᠳᠡᠯᠭᠡᠭᠦᠷ ᠲᠤ ᠤᠷᠤᠭᠰᠠᠨ | ᠬᠤᠶᠠᠷᠳᠠᠬᠢ ᠠᠵᠤ ᠦᠢᠯᠡᠰᠵᠢᠯᠲᠡ ᠶᠢᠨ ᠲᠣᠯᠣᠭᠠᠶᠢᠯᠠᠭᠴᠢ ᠠᠵᠤ ᠠᠬᠤᠶᠢᠯᠠᠯ ᠪᠤᠯᠤᠨ᠎ᠠ᠃ | ᠥᠪᠥᠷ ᠮᠣᠩᠭᠤᠯ ᠤᠨ ᠮᠧᠩ ᠳ᠋ᠦ᠋ ᠬᠤᠨᠢᠨ ᠤ ᠦᠢᠯᠡᠰ ᠤᠨ ᠬᠢᠵᠠᠭᠠᠷᠲᠤ ᠺᠣᠮᠫᠠᠨᠢ ᠨᠡᠶᠢᠲᠡ 6.5 | ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠤ᠂ 2015 ᠣᠨ ᠳᠤ ᠦᠢᠯᠡᠳᠬᠦᠨ ᠤ ᠦᠷᠳᠡᠭ ᠨᠢ 10 | ᠳ᠋ᠦᠩᠰᠢᠭᠤᠷ ᠲᠦᠬᠦᠷᠢᠭ ᠢ ᠪᠡᠶᠡᠯᠡᠭᠦᠯᠵᠦ᠂ 700 ᠬᠥᠮᠦᠨ ᠳᠤ ᠠᠵᠢᠯ ᠲᠤᠬᠢᠷᠠᠭᠤᠯᠵᠤ᠂ 6000 ᠲᠡᠵᠢᠭᠡᠨ | ᠦᠷᠡᠵᠢᠭᠦᠯᠬᠦ ᠡᠷᠦᠬᠡ ᠶᠢ ᠳᠠᠶᠢᠴᠢᠯᠠᠪᠠ᠃ ᠬᠡᠳᠦᠨ ᠵᠢᠯ ᠤᠨ ᠲᠤᠷᠰᠢ᠂ ᠺᠣᠮᠫᠠᠨᠢ ᠨᠢ ᠳᠤᠮᠳᠠᠳᠤ ᠤᠯᠤᠰ ᠤᠨ | ᠣᠷᠭᠠᠨᠢᠭ ᠬᠤᠨᠢ ᠶᠢᠨ ᠲᠡᠷᠢᠭᠦᠨ ᠲᠦᠷᠦᠯ ᠳᠡᠮᠳᠡᠭᠲᠦ ᠶᠢ ᠴᠢᠷᠮᠠᠶᠢᠨ ᠡᠭᠦᠳᠴᠦ᠂ ᠣᠳᠣᠬᠠᠨ ᠳᠤ ᠨᠢᠭᠡᠨᠲᠡ ᠢᠳᠡᠰᠢᠨ | ᠬᠤᠨᠢ ᠦᠷᠡᠵᠢᠭᠦᠯᠦᠨ ᠪᠤᠶᠢᠵᠢᠭᠤᠯᠬᠤ᠂ ᠰᠤᠳᠤᠯᠤᠨ ᠨᠡᠭᠡᠭᠡᠬᠦ᠂ ᠪᠣᠯᠪᠠᠰᠤᠷᠠᠭᠤᠯᠬᠤ᠂ ᠪᠣᠷᠣᠯᠠᠭᠤᠯᠬᠤ ᠵᠢᠴᠢ ᠢᠳᠡᠭᠡᠨ | ᠤᠮᠳᠠᠭᠠᠨ ᠵᠡᠷᠭᠡ ᠶᠢ ᠨᠢᠭᠡ ᠴᠣᠭᠴᠠ ᠪᠤᠯᠭᠠᠵᠤ ᠪᠦᠭᠦ ᠠᠵᠤ ᠦᠢᠯᠡᠰ ᠢ ᠬᠡᠯᠬᠢᠶᠡᠵᠢᠭᠦᠯᠦᠭᠰᠡᠨ ᠠᠵᠤ ᠠᠬᠤᠶᠢᠯᠠᠯ | ᠪᠤᠯᠵᠠᠢ᠃ |