2016 · ᠳᠤᠮᠳᠠᠳᠤ ᠮᠣᠩᠭᠤᠯ ᠤᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠨᠥᠬᠦᠷᠯᠡᠯ ᠤᠨ ᠴᠤᠭᠯᠠᠭᠠᠨ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2016/4/21
      ᠥᠪᠡᠷᠲᠡᠭᠡᠨ ᠵᠠᠰᠠᠬᠤ ᠣᠷᠣᠨ ᠤ ᠤᠮᠠᠷᠠᠰᠢ ᠨᠡᠭᠡᠭᠡᠬᠦ ᠪᠠᠶᠢᠯᠳᠤᠬᠤ ᠪᠤᠳᠤᠯᠭ᠎ᠠ ᠪᠣᠯᠣᠨ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ︽ᠮᠣᠩᠭᠤᠯ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ ᠰᠠᠨᠠᠯ︾᠎ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠬᠢᠯ︾᠎ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ15᠎ ᠤ ᠡᠳᠦᠷ ᠠᠴᠠ 17᠎ ᠤ ᠡᠳᠦᠷ ᠪᠣᠯᠲᠠᠯ᠎ᠠ ᠡᠵᠡᠨ᠎ᠡ ᠬᠤᠰᠢᠭᠤ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠡᠵᠡᠨ᠎ᠡ ᠬᠤᠰᠢᠭᠤ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠳᠠᠭᠠᠭᠠᠨ ᠡᠷᠭᠢᠯᠡᠭᠰᠡᠨ ︽ᠦᠨᠳᠦᠰᠦᠲᠡᠨ ᠤ ᠪᠦᠯᠬᠦᠮᠳᠡᠯ ᠢ ᠴᠢᠩᠭᠠᠳᠬᠠᠵᠤ᠂ ᠭᠠᠵᠠᠷ ᠣᠷᠣᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠲᠦᠯᠬᠢᠨ ᠠᠬᠢᠭᠤᠯᠬᠤ︾ ᠳᠤᠮᠳᠠᠳᠤ ᠮᠣᠩᠭᠤᠯ ᠤᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠨᠥᠬᠦᠷᠯᠡᠯ ᠤᠨ ᠴᠤᠭᠯᠠᠭᠠᠨ ᠡᠵᠡᠨ᠎ᠡ ᠬᠤᠰᠢᠭᠤᠨ ᠳᠤ ᠶᠠᠪᠤᠭᠳᠠᠵᠤ᠂ ᠮᠣᠩᠭᠤᠯ ᠤᠯᠤᠰ ᠤᠨ ᠪᠠᠶᠠᠨᠬᠤᠩᠭᠤᠷ ᠠᠶᠢᠮᠠᠭ ᠠᠴᠠ ᠢᠷᠡᠭᠰᠡᠨ 110 ᠭᠠᠷᠤᠶ ᠲᠠᠮᠢᠷᠴᠢᠳ᠂ ᠰᠤᠷᠭᠠᠭᠴᠢᠳ ᠵᠢᠴᠢ  ᠬᠠᠮᠢᠶ᠎ᠠ ᠪᠦᠬᠦᠢ ᠠᠵᠢᠯᠲᠠᠳ ᠲᠤᠰ ᠤᠳᠠᠭᠠᠨ ᠤ ᠨᠥᠬᠦᠷᠯᠡᠯ ᠤᠨ ᠴᠤᠭᠯᠠᠭᠠᠨ ᠳᠤ ᠣᠷᠣᠯᠴᠠᠪᠠ᠃      ᠨᠥᠬᠦᠷᠯᠡᠯ ᠤᠨ ᠴᠤᠭᠯᠠᠭᠠᠨ ᠨᠢ 2016 ᠣᠨ ᠤ ᠳᠤᠮᠳᠠᠳᠤ ᠮᠣᠩᠭᠤᠯ ᠤᠨ ︽ᠰᠠᠶᠢᠨ  ᠰᠠᠭᠠᠬᠠᠯᠲᠠ ᠰᠠᠶᠢᠨ ᠨᠠᠶᠢᠵᠠ ᠰᠠᠶᠢᠨ ᠬᠠᠨᠢ︾ ᠭᠡᠬᠦ ᠦᠳᠡᠰᠢᠯᠡᠭᠡ ᠠᠴᠠ ᠡᠬᠢᠯᠡᠪᠡ᠃ ᠲᠤᠰ ᠤᠳᠠᠭᠠᠨ ᠤ ᠳᠤᠮᠳᠠᠳᠤ ᠮᠣᠩᠭᠤᠯ ᠤᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠨᠥᠬᠦᠷᠯᠡᠯ ᠤᠨ ᠴᠤᠭᠯᠠᠭᠠᠨ ᠳᠤ ᠵᠠᠯᠠᠭᠤᠴᠤᠳ ᠪᠠᠭᠠᠴᠤᠳ ᠤᠨ ᠪᠥᠭᠡ᠂ ᠬᠥᠯ ᠪᠥᠮᠪᠦᠭᠡ᠂ ᠬᠦᠨᠳᠦ ᠬᠥᠩᠭᠡᠨ ᠤ ᠪᠡᠶ᠎ᠡ ᠶᠢᠨ ᠲᠠᠮᠢᠷ᠂ ᠫᠢᠡᠭᠫᠤᠩ ᠪᠥᠮᠪᠦᠭᠡ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ ᠵᠡᠷᠭᠡ ᠠᠯᠢ ᠣᠯᠠᠨ ᠲᠥᠷᠥᠯ ᠵᠦᠢᠯ ᠶᠢᠨ  ᠲᠣᠬᠢᠷᠠᠭᠤᠯᠵᠤ᠂ ᠬᠤᠶᠠᠷ ᠤᠯᠤᠰ ᠤᠨ ᠲᠠᠮᠢᠷᠴᠢᠳ ᠤᠷᠤᠯᠳᠤᠭᠠᠨ ᠤ ᠳᠤᠮᠳᠠ  ᠭᠠᠷᠮᠠᠭᠠᠢ ᠮᠡᠷᠭᠡᠵᠢᠯ᠂  ᠬᠠᠲᠠᠭᠤ ᠵᠣᠷᠢᠭ ᠢᠶᠠᠨ ᠪᠠᠳᠠᠷᠠᠭᠤᠯᠵᠤ᠂ ᠰᠢᠨ᠎ᠡ ᠠᠮᠵᠢᠯᠲᠠ ᠨᠤᠭᠤᠳ ᠤᠨ ᠡᠭᠦᠳᠦᠭᠰᠡᠨ ᠢᠶᠠᠷ ᠪᠠᠷᠠᠬᠤ ᠦᠭᠡᠢ᠂ ᠲᠡᠷᠡᠴᠢᠯᠡᠨ ᠨᠥᠬᠦᠷᠯᠡᠯ ᠤᠨ  ᠠᠵᠢᠯᠯᠠᠭ᠎ᠠ ᠪᠠᠷ ᠳᠠᠮᠵᠢᠨ ᠨᠥᠬᠦᠷᠯᠡᠯ ᠢᠶᠠᠨ ᠵᠤᠵᠠᠭᠠᠳᠬᠠᠨ᠂ ᠬᠤᠶᠠᠷ ᠤᠯᠤᠰ ᠤᠨ ᠬᠤᠭᠤᠷᠣᠨᠳᠣᠬᠢ ᠰᠣᠶᠣᠯ᠂ ᠰᠤᠷᠭᠠᠨ ᠬᠥᠮᠦᠵᠢᠯ ᠪᠣᠯᠤᠨ ᠪᠡᠶ᠎ᠡ ᠶᠢᠨ ᠲᠠᠮᠢᠷ ᠤᠨ ᠰᠣᠯᠢᠯᠴᠠᠭ᠎ᠠ ᠶᠢ ᠤᠯᠠᠮ ᠨᠢᠭᠡ ᠠᠯᠬᠤᠮ ᠲᠥᠯᠬᠢᠨ ᠠᠬᠢᠭᠤᠯᠪᠠ᠃      ᠲᠤᠰ ᠤᠳᠠᠭᠠᠨ ᠤ ᠳᠤᠮᠳᠠᠳᠤ ᠮᠣᠩᠭᠤᠯ ᠤᠨ ᠨᠥᠬᠦᠷᠯᠡᠯ ᠤᠨ ᠴᠤᠭᠯᠠᠭᠠᠨ ᠤ ᠵᠣᠷᠢᠯᠭ᠎ᠠ ᠪᠣᠯ ᠤᠯᠤᠰ ᠤᠨ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠤᠳᠤᠯᠭ᠎ᠠ ᠶᠢ ᠦᠢᠯᠡᠳᠦᠯᠭᠡᠵᠢᠭᠦᠯᠵᠦ᠂ ᠮᠣᠩᠭᠤᠯ ᠤᠯᠤᠰ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠯᠠᠱᠠ ᠠᠶᠢᠮᠠᠭ  ᠤᠨ ᠨᠡᠷ᠎ᠡ ᠠᠯᠳᠠᠷ ᠢ ᠮᠠᠨᠳᠤᠭᠤᠯᠤᠨ ᠥᠷᠭᠡᠳᠬᠡᠵᠦ᠂ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠠᠷᠠᠳ ᠲᠦᠮᠡᠨ ᠤ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ᠂ ᠬᠤᠶᠠᠷ ᠤᠯᠤᠰ ᠤᠨ ᠵᠠᠯᠠᠭᠤᠴᠤᠳ ᠪᠠᠭᠠᠴᠤᠳ ᠤᠨ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠳᠤ ᠢᠳᠡᠪᠬᠢᠲᠡᠶ ᠲᠦᠯᠬᠢᠨ ᠠᠬᠢᠭᠤᠯᠬᠤ ᠦᠢᠯᠡᠳᠦᠯ ᠦᠵᠡᠭᠦᠯᠬᠦ ᠶᠠᠪᠤᠳᠠᠯ ᠪᠣᠯᠣᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号