ᠣᠶᠢᠷ᠎ᠠ ᠳᠤ᠂ ᠡᠷᠢᠶᠡᠨ ᠬᠤᠳᠠ ᠤᠯᠤᠰ ᠤᠨ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠬᠦ ᠨᠡᠭᠡᠭᠡᠯᠳᠡ ᠬᠢᠬᠦ | ᠲᠤᠷᠰᠢᠯᠲᠠ ᠶᠢᠨ ᠣᠷᠣᠨ ᠪᠣᠯᠣᠭᠰᠠᠨ ᠤ ᠬᠤᠪᠢ ᠳᠤ 2016 ᠣᠨ ᠳᠤ ᠭᠠᠳᠠᠭᠠᠭᠤ ᠨᠡᠭᠡᠭᠡᠯᠳᠠ ᠬᠢᠬᠦ | ᠠᠯᠬᠤᠴᠠ ᠪᠠᠨ ᠲᠦᠷᠭᠡᠳᠬᠡᠵᠦ᠂ ᠨᠡᠶᠢᠲᠡ 1.8 ᠳ᠋ᠦ᠋ᠩᠰᠢᠭᠤᠷ ᠲᠥᠭᠦᠷᠢᠭ ᠠᠷᠠᠳ ᠤᠨ ᠵᠣᠭᠤᠰ ᠪᠡᠯᠡ | ᠣᠷᠣᠭᠤᠯᠤᠭᠰᠠᠨ ᠳᠤᠮᠳᠠᠳᠤ ᠮᠣᠩᠭᠤᠯ ᠤᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠢ | ᠨᠢᠭᠡᠨᠲᠡ ᠪᠦᠬᠦ ᠲᠠᠯ᠎ᠠ ᠪᠠᠷ ᠪᠠᠶᠢᠭᠤᠯᠤᠨ ᠳᠠᠭᠤᠰᠤᠭᠰᠠᠨ ᠤ ᠬᠠᠮᠲᠤ ᠬᠤᠳᠠᠯᠳᠤᠭᠠᠴᠢᠳ ᠤᠨ ᠣᠷᠣᠵᠤ ᠰᠠᠭᠤᠬᠤ ᠶᠢ | ᠤᠭᠲᠤᠪᠠ᠃ ᠳᠤᠮᠳᠠᠳᠤ ᠮᠣᠩᠭᠤᠯ ᠤᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠨᠢ | ᠭᠠᠳᠠᠭᠠᠳᠤ ᠠᠴᠠ ᠣᠷᠣᠭᠤᠯᠬᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠵᠠᠬ᠎ᠠ ᠳᠡᠯᠭᠡᠭᠦᠷ᠂ ᠰᠣᠳᠣᠨ ᠲᠠᠸᠠᠷ ᠤᠨ | ᠣᠷᠳᠣᠨ ᠪᠠ ᠪᠠᠷᠠᠭ᠎ᠠ ᠶᠢᠨ ᠭᠦᠢᠯᠭᠡᠭᠡᠨ ᠤ ᠶᠡᠷᠦᠩᠬᠡᠶᠢᠯᠡᠭᠰᠡᠨ ᠠᠰᠠᠷ ᠵᠡᠷᠭᠡ ᠭᠤᠷᠪᠠᠨ ᠬᠡᠰᠡᠭ ᠬᠤᠪᠢᠶᠠᠵᠠᠢ᠃ | ᠬᠤᠳᠠᠯᠳᠤᠭᠠᠴᠢᠳ ᠠᠷᠠᠯᠵᠢᠶᠠᠯᠠᠬᠤ ᠲᠣᠭᠤᠷᠢᠭ ᠤᠨ ᠲᠠᠪᠴᠠᠩ ᠢᠶᠠᠷ ᠳᠠᠮᠵᠢᠭᠤᠯᠤᠨ᠂ ᠤᠨᠴᠠᠯᠢᠭᠳᠤ ᠲᠠᠸᠠᠷ ᠢᠶᠠᠨ | ᠳᠤᠮᠳᠠᠳᠤ ᠤᠯᠤᠰ ᠤᠨ ᠵᠠᠬ᠎ᠠ ᠳᠡᠯᠭᠡᠭᠦᠷ ᠪᠠ ᠳᠤᠮᠳᠠᠳᠤ ᠧᠦ᠋ᠷᠣᠫᠠ ᠶᠢᠨ ᠵᠠᠬ᠎ᠠ ᠳᠡᠯᠭᠡᠭᠦᠷ ᠲᠤ ᠪᠣᠷᠣᠯᠠᠭᠤᠯᠬᠤ | ᠪᠣᠯᠣᠨ᠎ᠠ᠃ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠬᠠᠮᠤᠭ ᠤᠨ ᠶᠡᠭᠡ ᠣᠨᠴᠠᠯᠢᠭ ᠨᠢ | ᠪᠣᠯ ᠪᠡᠯᠡᠳᠬᠡᠮᠵᠢ ᠨᠢ ᠪᠦᠷᠢᠨ ᠲᠡᠭᠦᠯᠳᠡᠷ᠂ ᠬᠤᠳᠠᠯᠳᠤᠭᠠᠴᠢᠳ ᠵᠥᠪᠬᠡᠨ ᠪᠣᠭᠴᠣ ᠪᠠᠨ ᠠᠪᠤᠭᠰᠠᠭᠠᠷ ᠣᠷᠣᠵᠤ | ᠰᠠᠭᠤᠵᠤ ᠪᠣᠯᠣᠨ᠎ᠠ᠂ ᠡᠨᠡ ᠨᠢ ᠮᠥᠨ ᠴᠦ ᠣᠯᠠᠨ ᠬᠤᠳᠠᠯᠳᠤᠭᠠᠴᠢᠨ ᠢ ᠶᠡᠬᠡᠪᠡᠷ ᠲᠠᠲᠠᠭᠰᠠᠨ ᠭᠤᠣᠯ ᠬᠦᠴᠦᠨ ᠵᠦᠢᠯ | ᠪᠣᠯᠤᠨ᠎ᠠ᠃ | ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠳᠣᠲᠣᠷ᠎ᠠ᠂ ᠮᠣᠩᠭᠤᠯ ᠤᠯᠤᠰ ᠤᠨ | ᠵᠠᠮ ᠤᠨ ᠡᠭᠦᠳᠡ ᠪᠠ ᠡᠷᠢᠶᠡᠨ ᠬᠤᠲᠠ ᠬᠤᠶᠠᠷ ᠭᠠᠵᠠᠷ ᠤᠨ ᠪᠠᠶᠢᠩᠭᠤ ᠰᠠᠭᠤᠭ᠎ᠠ ᠬᠥᠮᠦᠨ ᠠᠮᠠ᠂ ᠡᠳ᠋ ᠪᠠᠷᠠᠭ᠎ᠠ | ᠬᠤᠳᠠᠯᠳᠤᠨ ᠠᠪᠬᠤ ᠳᠤ ᠭᠠᠶᠢᠯᠢ ᠠᠴᠠ ᠬᠡᠯᠲᠦᠷᠢᠭᠦᠯᠬᠦ ᠲᠦᠷᠦ ᠶᠢᠨ ᠪᠤᠳᠤᠯᠭ᠎ᠠ ᠶᠢ ᠬᠦᠷᠲᠡᠵᠦ᠂ ᠬᠥᠮᠦᠨ ᠪᠦᠷᠢ | ᠡᠳᠦᠷ ᠲᠤ ᠬᠠᠮᠤᠭ ᠤᠨ ᠥᠨᠳᠥᠷ ᠭᠠᠶᠢᠯᠢ ᠠᠴᠠ ᠬᠡᠯᠲᠦᠷᠢᠭᠦᠯᠬᠦ ᠲᠠᠸᠠᠷ ᠬᠤᠳᠠᠯᠳᠤᠨ ᠠᠪᠬᠤ ᠲᠤᠭ᠎ᠠ ᠨᠢ 8000 | ᠲᠥᠭᠦᠷᠢᠭ ᠠᠷᠠᠳ ᠤᠨ ᠵᠣᠭᠤᠰ ᠲᠤ ᠬᠦᠷᠪᠡ᠃ ᠡᠷᠢᠶᠡᠨ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠣᠣ | ᠶᠦᠩ ᠪᠦᠸᠧ ᠴᠢᠬᠤᠯᠠᠴᠢᠯᠠᠭᠰᠠᠨ ᠨᠢ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠨᠢ | ᠨᠡᠭᠡᠭᠡᠯᠲᠡᠲᠦ ᠲᠠᠪᠴᠠᠩ ᠪᠣᠯᠣᠭᠰᠠᠨ ᠤ ᠬᠤᠪᠢ ᠳᠤ᠂ ᠠᠳᠡᠬᠢ ᠲᠠᠸᠠᠷ ᠢᠶᠠᠨ ᠭᠠᠳᠠᠭᠠᠳᠤ ᠳᠤ ᠭᠠᠷᠭᠠᠬᠤ ᠪᠠᠷ ᠪᠠᠷᠠᠬᠤ | ᠦᠭᠡᠢ ᠭᠠᠳᠠᠭᠠᠳᠤ ᠠᠴᠠ ᠲᠠᠸᠠᠷ ᠢ ᠴᠤ ᠳᠤᠮᠳᠠᠳᠤ ᠤᠯᠤᠰ ᠤᠨ ᠵᠠᠬ᠎ᠠ ᠳᠡᠯᠭᠡᠭᠦᠷ ᠳᠤ ᠣᠷᠣᠭᠤᠯᠵᠤ ᠪᠣᠯᠣᠨ᠎ᠠ᠃ | ᠡᠭᠦᠨ ᠠᠴᠠ ᠭᠠᠳᠠᠨ᠎ᠠ᠂ ᠳᠤᠮᠳᠠᠳᠤ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠶᠢᠨ | ᠲᠥᠰᠦᠪᠯᠡᠯ ᠢ ᠨᠠᠶᠢᠳᠠᠪᠤᠷᠢᠵᠢᠭᠤᠯᠬᠤ ᠶᠢᠨ ᠲᠤᠰᠠᠳᠠ᠂ ᠣᠷᠴᠢᠮᠬᠠᠨ᠂ 18 ᠲᠡᠭᠰᠢ ᠳᠥᠷᠪᠡᠯᠵᠢᠨ ᠺᠢᠯᠣᠮᠧᠲᠷ ᠭᠠᠵᠠᠷ | ᠡᠵᠡᠯᠡᠭᠰᠡᠨ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠢ | ᠨᠢᠭᠡᠨᠲᠡ ᠡᠬᠢᠯᠡᠨ ᠪᠠᠶᠢᠭᠤᠯᠵᠤ᠂ ᠵᠢᠱᠢᠯᠲᠡ ᠪᠠᠷ ᠡᠨᠡ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠤᠯᠤᠨ | ᠬᠡᠷᠡᠭᠯᠡᠭᠦᠯᠦᠨ᠎ᠡ᠂ ᠡᠨᠡ ᠨᠢ ᠡᠷᠢᠶᠡᠨ ᠬᠤᠲᠠ ᠶᠢᠨ ᠳᠤᠮᠳᠠᠳᠤ ᠤᠯᠤᠰ ᠤᠨ ᠤᠮᠠᠷᠠᠰᠢ ᠨᠡᠭᠡᠭᠡᠯᠲᠡ ᠬᠢᠬᠦ ︽ᠰᠢᠵᠢᠷ | ᠠᠯᠲᠠᠨ ᠬᠥᠭᠦᠷᠭᠡᠨ ᠪᠠᠬᠢᠯᠡᠯᠲᠡ︾᠂ ︽ᠲᠣᠷᠭᠠᠨ ᠵᠠᠮ ᠤᠨ ᠠᠵᠤ ᠠᠬᠤᠶ ᠶᠢᠨ ᠪᠦᠰᠡ ᠶᠢᠨ ᠴᠢᠬᠤᠯᠠ ᠳᠡᠯᠡᠬᠡᠶ ᠶᠢᠨ | ᠪᠠᠷᠠᠭᠠᠨ ᠤ ᠭᠦᠢᠯᠭᠡᠭᠡᠨ ᠤ ᠬᠦᠢᠰᠦ ᠣᠷᠣᠨ︾ ᠢ ᠪᠠᠶᠢᠭᠤᠯᠬᠤ ᠳᠤ ᠲᠦᠯᠬᠢᠴᠡ ᠦᠢᠯᠡᠳᠦᠯ ᠦᠵᠡᠭᠦᠯᠬᠦ ᠪᠣᠯᠣᠨ᠎ᠠ᠃ |