ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ | ᠰᠢᠯᠭᠠᠯᠲᠠ ᠶᠢᠨ ᠲᠥᠪ ᠠᠴᠠ ᠣᠶᠢᠯᠠᠭᠠᠭᠰᠠᠨ ᠢᠶᠠᠷ᠂ 2015 — 2016 ᠣᠨ ᠤ ᠬᠤᠶᠠᠳᠤᠭᠠᠷ ᠰᠤᠷᠤᠯᠭ᠎ᠠ ᠶᠢᠨ | ᠬᠤᠭᠤᠴᠠᠭᠠᠨ ᠤ ᠪᠥᠬᠦ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ | ᠬᠢᠷᠢ ᠲᠦᠪᠰᠢᠨ ᠤ ᠰᠢᠯᠭᠠᠯᠲᠠ ᠶᠢᠨ ᠨᠡᠷ᠎ᠡ ᠮᠡᠳᠡᠭᠦᠯᠬᠦ ᠠᠵᠢᠯ 4 ᠳ᠋ᠦ᠋ᠭᠡᠷ ᠰᠠᠷ᠎ᠠ ᠶᠢᠨ 21 ᠤ ᠡᠳᠦᠷ ᠠᠴᠠ ᠡᠬᠢᠯᠡᠨ᠎ᠡ᠃ | ᠰᠢᠯᠭᠠᠯᠲᠠ ᠶᠢᠨ ᠪᠣᠳᠠᠲᠠᠶ ᠴᠠᠭ ᠨᠢ᠄ 6 ᠳ᠋ᠤᠭᠠᠷ ᠰᠠᠷ᠎ᠠ ᠶᠢᠨ 22 ᠤᠨ ᠡᠳᠦᠷ ᠤᠨ 8᠄ 00 — 9᠄ 30 | ᠹᠢᠽᠢᠺ ᠤᠨ ᠰᠢᠯᠭᠠᠯᠲᠠ︔ 10᠄ 30 —12᠄ 00 ᠦᠵᠡᠯ ᠰᠠᠨᠠᠭ᠎ᠠ ᠤᠯᠤᠰ ᠲᠦᠷᠦ ᠶᠢᠨ ᠰᠢᠯᠭᠠᠯᠲᠠ︔ | 15᠄ 00 — 16᠄ 30 ᠬᠢᠮᠢ ᠶᠢᠨ ᠰᠢᠯᠭᠠᠯᠲᠠ᠃ ᠨᠢᠭᠡᠨᠲᠡ ᠳᠠᠩᠰᠠᠯᠠᠭᠤᠯᠤᠭᠰᠠᠨ ᠮᠠᠨ ᠤ ᠣᠷᠣᠨ ᠤ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠰᠢᠯᠭᠠᠬᠤ | ᠬᠠᠷᠢᠶᠠᠯᠠᠯ ᠲᠠᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠶᠠᠳᠤᠭᠠᠷ ᠣᠨ ᠤ ᠰᠤᠷᠤᠭᠴᠢ | ᠵᠢᠴᠢ ᠬᠠᠮᠢᠶ᠎ᠠ ᠪᠦᠬᠦᠢ ᠬᠢᠴᠢᠶᠡᠯ ᠲᠥᠷᠥᠯ ᠤᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠪᠠᠶᠢᠪᠠᠯ ᠳᠠᠬᠢᠵᠤ | ᠰᠢᠯᠭᠠᠭᠤᠯᠬᠤ ᠪᠠᠷ ᠨᠡᠷ᠎ᠡ ᠮᠡᠳᠡᠭᠦᠯᠦᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ | ᠰᠤᠷᠤᠭᠴᠢᠳ ᠪᠦᠷ ᠨᠡᠷ᠎ᠡ ᠮᠡᠳᠡᠭᠦᠯᠦᠨ ᠰᠢᠯᠭᠠᠭᠤᠯᠵᠤ ᠪᠣᠯᠤᠨ᠎ᠠ᠃ | ᠥᠪᠡᠷᠲᠡᠭᠡᠨ ᠵᠠᠰᠠᠬᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠢᠩᠬᠢᠨᠢ | ᠰᠤᠷᠤᠯᠭ᠎ᠠ ᠶᠢᠨ ᠬᠠᠷᠢᠶᠠᠯᠠᠯ ᠲᠠᠢ ᠪᠥᠭᠡᠳ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠡᠭᠦᠰᠦᠭᠰᠡᠨ ᠵᠢᠯ ᠨᠢ | ᠮᠠᠨ ᠤ ᠣᠷᠣᠨ ᠤ ᠡᠩ ᠤᠨ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠬᠢᠷᠢ ᠬᠡᠮ ᠤᠨ | ᠨᠥᠬᠦᠴᠡᠯ ᠳᠤ ᠨᠡᠶᠢᠴᠡᠬᠦ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠳᠤ ᠰᠢᠯᠭᠠᠬᠤ ᠬᠠᠷᠢᠶᠠᠯᠠᠯ ᠢᠶᠠᠨ | ᠳᠠᠩᠰᠠᠯᠠᠭᠤᠯᠤᠭᠰᠠᠨ ᠦᠭᠡᠢ ᠥᠨᠳᠥᠷ ᠳᠤᠮᠳᠠᠳᠤ ᠶᠢᠨ ᠬᠤᠶᠠᠷ᠂ ᠭᠤᠷᠪᠠᠳᠤᠭᠠᠷ ᠣᠨ ᠤ ᠰᠤᠷᠭᠠᠭᠤᠯᠢ ᠳᠤ ᠪᠠᠶᠢᠭ᠎ᠠ | ᠰᠤᠷᠤᠭᠴᠢ᠂ ᠲᠣᠭᠲᠠᠭᠰᠠᠨ ᠴᠠᠭ ᠤᠨ ᠳᠣᠲᠣᠷ᠎ᠠ ᠰᠢᠯᠭᠠᠬᠤ ᠬᠠᠷᠢᠶᠠᠯᠠᠯ ᠢᠶᠠᠨ ᠨᠥᠬᠦᠨ ᠳᠠᠩᠰᠠᠯᠠᠭᠤᠯᠵᠤ ᠪᠣᠯᠣᠨ᠎ᠠ᠃ | ᠰᠢᠯᠭᠠᠬᠤ ᠬᠠᠷᠢᠶᠠᠯᠠᠯ ᠢᠶᠠᠨ ᠨᠥᠬᠦᠵᠦ ᠳᠠᠩᠰᠠᠯᠠᠭᠤᠯᠤᠭᠰᠠᠳ ᠲᠤᠰ ᠤᠳᠠᠭᠠᠨ ᠤ ᠰᠤᠷᠤᠯᠭ᠎ᠠ ᠶᠢᠨ ᠬᠢᠷᠢ ᠲᠦᠪᠰᠢᠨ ᠤ | ᠰᠢᠯᠭᠠᠯᠲᠠ ᠳᠤ ᠨᠡᠷ᠎ᠡ ᠮᠡᠳᠡᠭᠦᠯᠵᠦ ᠪᠣᠯᠣᠨ᠎ᠠ᠃ | ᠡᠭᠦᠨ ᠳᠤ ᠡᠷᠦᠬᠡ ᠠᠮᠠ ᠨᠢ ᠣᠷᠣᠨ ᠤ ᠭᠠᠳᠠᠨ᠎ᠠ ᠠᠴᠠ ᠨᠡᠭᠦᠵᠦ ᠢᠷᠡᠭᠰᠡᠨ ᠪᠠ ᠭᠠᠳᠠᠨ᠎ᠠ ᠠᠴᠠ ᠢᠷᠡᠵᠦ | ᠠᠵᠢᠯ ᠬᠢᠵᠦ ᠪᠠᠶᠢᠭ᠎ᠠ ᠬᠥᠮᠦᠰ ᠤᠨ ᠦᠷ᠎ᠡ ᠬᠡᠦᠬᠡᠳ᠂ ᠲᠤᠰ ᠤᠳᠠᠭᠠᠨ ᠤ ᠰᠤᠷᠤᠯᠭ᠎ᠠ ᠶᠢᠨ ᠬᠢᠷᠢ ᠲᠦᠪᠰᠢᠨ ᠤ | ᠰᠢᠯᠭᠠᠯᠲᠠ ᠳᠤ ᠨᠡᠷ᠎ᠡ ᠮᠡᠳᠡᠭᠦᠯᠵᠦ᠂ ᠰᠢᠯᠭᠠᠬᠤ ᠬᠠᠷᠢᠶᠠᠯᠠᠯ ᠢᠶᠠᠨ ᠨᠥᠬᠦᠪᠥᠷᠢᠯᠡᠵᠦ ᠳᠠᠩᠰᠠᠯᠠᠭᠤᠯᠤᠭᠰᠠᠨ ᠪᠠᠶᠢᠪᠠᠯ᠂ | ᠳᠣᠣᠷᠠᠬᠢ ᠨᠥᠬᠦᠴᠡᠯ ᠳᠤ ᠡᠷᠬᠡᠪᠰᠢ ᠵᠡᠷᠭᠡᠪᠡᠷ ᠨᠡᠶᠢᠴᠡᠭᠰᠡᠨ ᠪᠠᠶᠢᠬᠤ ᠬᠡᠷᠡᠭᠲᠡᠶ᠄ ᠡᠷᠦᠬᠡ ᠠᠮᠠ ᠨᠢ ᠣᠷᠣᠨ ᠤ | ᠭᠠᠳᠠᠨ᠎ᠠ ᠠᠴᠠ ᠨᠡᠭᠦᠵᠦ ᠢᠷᠡᠭᠰᠡᠨ ᠰᠢᠯᠭᠠᠭᠤᠯᠤᠭᠰᠠᠳ᠂ ᠬᠡᠷᠪᠡ ᠲᠤᠰ ᠬᠥᠮᠦᠨ ᠨᠢ ᠣᠷᠣᠨ ᠤ ᠭᠠᠳᠠᠨᠠᠬᠢ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ ᠠᠴᠠ ᠰᠢᠯᠵᠢᠨ ᠢᠷᠡᠭᠰᠡᠨ ᠪᠠᠶᠢᠪᠠᠯ᠂ ᠰᠤᠷᠤᠯᠴᠠᠵᠤ ᠪᠠᠶᠢᠭ᠎ᠠ ᠰᠤᠷᠭᠠᠭᠤᠯᠢ ᠪᠠ | ᠰᠤᠷᠤᠯᠭ᠎ᠠ ᠶᠢᠨ ᠬᠠᠷᠢᠶ᠎ᠠ ᠨᠢ ᠡᠷᠬᠡᠪᠰᠢ ᠡᠷᠥᠭᠡ ᠠᠮᠠ ᠨᠢ ᠪᠠᠶᠢᠭ᠎ᠠ ᠭᠠᠵᠠᠷ ᠤᠨ ᠠᠶᠢᠮᠠᠭ ᠬᠤᠳᠠ ᠳᠤ ᠪᠠᠶᠢᠬᠤ | ᠬᠡᠷᠡᠭᠲᠡᠢ︔ ᠭᠠᠳᠠᠨ᠎ᠠ ᠠᠴᠠ ᠢᠷᠡᠵᠦ ᠠᠵᠢᠯ ᠬᠢᠵᠦ ᠪᠠᠶᠢᠭ᠎ᠠ ᠬᠥᠮᠦᠰ ᠤᠨ ᠦᠷ᠎ᠡ ᠬᠡᠦᠬᠡᠳ ᠤᠨ ᠰᠤᠷᠤᠯᠴᠠᠵᠤ | ᠪᠠᠶᠢᠭ᠎ᠠ ᠰᠤᠷᠭᠠᠭᠤᠯᠢ᠂ ᠰᠤᠷᠤᠯᠭ᠎ᠠ ᠶᠢᠨ ᠬᠠᠷᠢᠶ᠎ᠠ ᠨᠢ ᠡᠷᠬᠡᠪᠰᠢ ᠢᠵᠢᠯᠢ ᠨᠢᠭᠡᠨ ᠠᠶᠢᠮᠠᠭ ᠬᠤᠲᠠ ᠳᠤ ᠪᠠᠶᠢᠬᠤ | ᠬᠡᠷᠡᠭᠲᠡᠢ︔ ᠥᠨᠳᠥᠷ ᠳᠤᠮᠳᠠᠳᠤ ᠶᠢᠨ ᠨᠢᠭᠡᠳᠦᠭᠡᠷ ᠣᠨ ᠳᠤ ᠣᠷᠣᠭᠰᠠᠨ ᠠᠴᠠ ᠡᠬᠢᠯᠡᠨ ᠲᠤᠰ ᠬᠥᠮᠦᠨ ᠨᠢ ᠡᠷᠬᠡᠪᠰᠢ | ᠰᠤᠷᠤᠯᠴᠠᠵᠤ ᠪᠠᠶᠢᠭ᠎ᠠ ᠰᠤᠷᠭᠠᠭᠤᠯᠢ ᠳᠠᠭᠠᠨ ᠦᠷᠭᠦᠯᠵᠢᠯᠡᠨ ᠪᠣᠳᠠᠲᠠᠶ ᠰᠤᠷᠤᠯᠴᠠᠭᠰᠠᠨ ᠪᠠᠶᠢᠬᠤ ᠬᠡᠷᠡᠭᠲᠡᠢ᠃ ᠡᠷᠦᠬᠡ | ᠠᠮᠠ ᠨᠢ ᠣᠷᠣᠨ ᠤ ᠭᠠᠳᠠᠨ᠎ᠠ ᠠᠴᠠ ᠨᠡᠭᠦᠵᠦ ᠢᠷᠡᠭᠰᠡᠨ ᠪᠠ ᠭᠠᠳᠠᠨ᠎ᠠ ᠠᠴᠠ ᠢᠷᠡᠵᠦ ᠠᠵᠢᠯ ᠬᠢᠵᠦ ᠪᠠᠶᠢᠭ᠎ᠠ | ᠬᠥᠮᠦᠰ ᠤᠨ ᠦᠷ᠎ᠡ ᠬᠡᠦᠬᠡᠳ᠂ ᠨᠡᠷ᠎ᠡ ᠮᠡᠳᠡᠭᠦᠯᠬᠦ ᠦᠶ᠎ᠡ ᠳᠡᠭᠡᠨ ᠤᠷᠢᠳᠠᠪᠠᠷ ᠰᠦᠯᠵᠢᠶᠡᠨ ᠳᠡᠭᠡᠷ᠎ᠡ ᠠᠴᠠ ︽ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠡᠷᠦᠬᠡ | ᠠᠮᠠ ᠨᠢ ᠣᠷᠣᠨ ᠤ ᠭᠠᠳᠠᠨ᠎ᠠ ᠠᠴᠠ ᠨᠡᠭᠦᠵᠦ ᠢᠷᠡᠭᠰᠡᠨ ᠪᠠ ᠭᠠᠳᠠᠨ᠎ᠠ ᠠᠴᠠ ᠢᠷᠡᠵᠦ ᠠᠵᠢᠯ ᠬᠢᠵᠦ ᠪᠠᠶᠢᠭ᠎ᠠ | ᠬᠥᠮᠦᠰ ᠤᠨ ᠰᠢᠯᠭᠠᠭᠤᠯᠬᠤ ᠦᠷ᠎ᠡ ᠬᠡᠦᠬᠡᠳ ᠤᠨ ᠰᠤᠷᠤᠯᠭ᠎ᠠ ᠶᠢᠨ ᠬᠠᠷᠢᠶ᠎ᠠ᠂ ᠡᠷᠦᠬᠡ ᠠᠮᠠ ᠶᠢᠨ ᠳᠠᠩᠰᠠ ᠪᠣᠯᠤᠨ | ᠪᠣᠳᠠᠲᠠᠶ ᠰᠤᠷᠤᠯᠴᠠᠵᠤ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠬᠤ ᠬᠦᠰᠦᠨᠦᠭᠲᠦ︾ ᠶᠢ ᠳᠠᠷᠤᠮᠠᠯᠯᠠᠨ ᠠᠪᠴᠤ᠂ | ᠰᠤᠷᠤᠯᠴᠠᠵᠤ ᠪᠠᠶᠢᠭ᠎ᠠ ᠰᠤᠷᠭᠠᠭᠤᠯᠢ ᠪᠣᠯᠤᠨ ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠢᠶᠠᠷ ᠰᠤᠷᠤᠯᠭ᠎ᠠ ᠶᠢᠨ ᠬᠠᠷᠢᠶ᠎ᠠ᠂ ᠡᠷᠦᠬᠡ ᠠᠮᠠ ᠶᠢᠨ ᠳᠠᠩᠰᠠ ᠪᠣᠯᠤᠨ ᠦᠷᠭᠦᠯᠵᠢᠯᠡᠨ ᠪᠣᠳᠠᠲᠠᠶ | ᠰᠤᠷᠤᠯᠴᠠᠵᠤ ᠪᠠᠶᠢᠭ᠎ᠠ ᠪᠠᠶᠢᠳᠠᠯ ᠢᠶᠠᠨ ᠬᠢᠨᠠᠨ ᠬᠠᠷᠭᠤᠭᠤᠯᠤᠭᠤᠯᠬᠤ ᠬᠡᠷᠡᠭᠲᠡᠢ᠃ ᠬᠢᠨᠠᠨ ᠬᠠᠷᠭᠤᠭᠤᠯᠤᠭᠠᠳ | ᠨᠥᠬᠦᠴᠡᠯ ᠳᠤ ᠨᠡᠶᠢᠴᠡᠭᠰᠡᠨ ᠪᠠᠶᠢᠪᠠᠯ᠂ ᠰᠢᠯᠭᠠᠬᠤ ᠬᠠᠷᠢᠶᠠᠯᠠᠯ ᠳᠤ ᠨᠥᠬᠦᠵᠦ ᠳᠠᠩᠰᠠᠯᠠᠭᠤᠯᠬᠤ ᠪᠠ ᠨᠡᠷ᠎ᠡ | ᠮᠡᠳᠡᠭᠦᠯᠬᠦ ᠶᠢ ᠵᠥᠪᠰᠢᠶᠡᠷᠡᠨ᠎ᠠ︔ ᠬᠢᠨᠠᠨ ᠬᠠᠷᠭᠤᠭᠤᠯᠤᠭᠠᠳ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂ ᠰᠢᠯᠭᠠᠬᠤ | ᠬᠠᠷᠢᠶᠠᠯᠠᠯ ᠳᠤ ᠨᠥᠬᠦᠨ ᠳᠠᠩᠰᠠᠯᠠᠭᠤᠯᠵᠤ ᠪᠣᠯᠬᠤ ᠦᠭᠡᠢ᠃ | ᠡᠭᠦᠨ ᠠᠴᠠ ᠭᠠᠳᠠᠨ᠎ᠠ᠂ ᠨᠢᠭᠡᠨᠲᠡ ᠰᠢᠯᠭᠠᠬᠤ ᠬᠠᠷᠢᠶᠠᠯᠠᠯ ᠲᠠᠢ ᠪᠥᠭᠡᠳ ᠲᠤᠰ ᠵᠦᠢᠯ ᠤᠨ ᠰᠢᠯᠭᠠᠯᠲᠠ ᠳᠤ | ᠨᠡᠷ᠎ᠡ ᠮᠡᠳᠡᠭᠦᠯᠦᠭᠰᠡᠨ ᠰᠢᠯᠭᠠᠭᠤᠯᠤᠭᠴᠢᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠰᠢᠯᠭᠠᠬᠤ | ᠬᠠᠷᠢᠶᠠᠯᠠᠯ ᠤᠨ ᠬᠠᠮᠢᠶᠠᠷᠤᠯᠲᠠ ᠶᠢᠨ ᠰᠢᠰᠲ᠋ᠧᠮ ︵ᠰᠤᠷᠤᠭᠴᠢᠳ ᠳᠠᠩᠰᠠᠯᠠᠭᠤᠯᠬᠤ︶︾ ᠳᠤ ᠰᠢᠭᠤᠳ ᠭᠠᠷᠴᠤ᠂ | ᠰᠢᠯᠭᠠᠬᠤ ᠬᠢᠴᠢᠶᠡᠯ ᠲᠥᠷᠥᠯ ᠢᠶᠠᠨ ᠲᠠᠭᠯᠠᠬᠤ ᠂ ᠰᠦᠢᠳᠬᠡᠯ ᠲᠤᠰᠢᠶᠠᠬᠤ᠂ ᠨᠡᠷ᠎ᠡ ᠮᠡᠳᠡᠭᠦᠯᠬᠦ ᠠᠵᠢᠯ ᠢᠶᠠᠨ | ᠰᠦᠯᠵᠢᠶᠡᠨ ᠳᠡᠭᠡᠷ᠎ᠡ ᠭᠦᠢᠴᠡᠳᠬᠡᠵᠦ ᠪᠣᠯᠣᠨ᠎ᠠ᠃ | ᠰᠢᠯᠭᠠᠬᠤ ᠬᠠᠷᠢᠶᠠᠯᠠᠯ ᠲᠠᠢ ᠪᠣᠯᠪᠠᠴᠤ ᠲᠤᠰ ᠵᠦᠢᠯ ᠤᠨ ᠰᠢᠯᠭᠠᠯᠲᠠ ᠳᠤ ᠣᠷᠣᠯᠴᠠᠵᠤ ᠥᠩᠭᠡᠷᠡᠭᠰᠡᠨ ᠦᠭᠡᠢ | ᠪᠠᠶᠢᠪᠠᠯ᠂ ᠡᠷᠬᠡᠪᠰᠢ ᠲᠤᠬᠠᠶ ᠶᠢᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠰᠤᠷᠤᠭᠴᠢ ᠡᠯᠰᠡᠬᠦ | ᠰᠢᠯᠭᠠᠯᠲᠠ ᠶᠢᠨ ᠪᠠᠶᠢᠭᠤᠯᠤᠮᠵᠢ ᠶᠢᠨ ᠵᠢᠭᠠᠨ ᠲᠣᠭᠲᠠᠭᠠᠭᠰᠠᠨ ᠭᠠᠵᠠᠷ ᠲᠤ ᠬᠦᠷᠴᠦ ᠨᠢᠭᠡᠳᠦᠯᠲᠡᠶ ᠲᠠᠲᠠᠭᠰᠠᠨ | ᠰᠡᠭᠦᠳᠡᠷ ︵ᠰᠡᠭᠦᠳᠡᠷ ᠤᠨ ᠨᠢᠭᠤᠷ ᠲᠠᠯ᠎ᠠ ︽20161 ᠰᠤᠷᠤᠭᠴᠢ ᠶᠢᠨ ᠰᠢᠯᠭᠠᠯᠲᠠ︾᠂ ᠰᠡᠭᠦᠳᠡᠷ ᠤᠨ ᠠᠷᠤ | ᠲᠠᠯ᠎ᠠ ᠳᠤᠨᠢ ︽ᠬᠤᠰᠢᠭᠤ ᠰᠢᠶᠠᠨ ᠲᠣᠭᠤᠷᠢᠭ ᠤᠨ ᠨᠡᠷᠡᠶᠢᠳᠦᠯ︾︶ ᠢ ᠬᠡᠷᠡᠭᠯᠡᠵᠦ᠂ ᠬᠤᠶᠠᠳᠤᠭᠠᠷ ᠦᠶ᠎ᠡ ᠶᠢᠨ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠪᠣᠯᠤᠨ ᠬᠤᠷᠤᠭᠤᠨ ᠤ ᠨᠠᠮᠵᠢᠭᠤᠨ ᠰᠤᠳᠠᠯ ᠤᠨ | ᠮᠡᠳᠡᠭᠡ ᠵᠠᠩᠭᠢ ᠶᠢ ᠤᠩᠰᠢᠭᠤᠯᠬᠤ ᠬᠡᠷᠡᠭᠲᠡᠢ᠃ ᠳᠡᠭᠡᠷᠡᠬᠢ ᠳᠡᠰ ᠳᠠᠷᠠᠭᠠᠯᠠᠯ ᠢ ᠪᠡᠶᠡᠯᠡᠭᠦᠯᠦᠭᠰᠡᠨ ᠪᠠᠶᠢᠪᠠᠯ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠰᠢᠯᠭᠠᠬᠤ ᠬᠠᠷᠢᠶᠠᠯᠠᠯ ᠤᠨ ᠬᠠᠮᠢᠶᠠᠷᠤᠯᠲᠠ ᠶᠢᠨ ᠰᠢᠰᠲ᠋ᠧᠮ︾ | ᠳᠤ ᠣᠷᠣᠵᠤ᠂ ᠨᠡᠷ᠎ᠡ ᠮᠡᠳᠡᠭᠦᠯᠦᠭᠰᠡᠨ ᠬᠢᠴᠢᠶᠡᠯ ᠲᠥᠷᠥᠯ ᠢᠶᠠᠨ ᠰᠣᠩᠭᠤᠵᠤ ᠲᠠᠭᠯᠠᠬᠤ ᠪᠠ ᠰᠦᠯᠵᠢᠶᠡᠨ ᠳᠡᠭᠡᠷ᠎ᠡ | ᠰᠦᠢᠳᠬᠡᠯ ᠲᠤᠰᠢᠶᠠᠵᠦ᠂ ᠨᠡᠷ᠎ᠡ ᠮᠡᠳᠡᠭᠦᠯᠬᠦ ᠭᠠᠷᠳᠠᠮ ᠢᠶᠠᠨ ᠭᠦᠢᠴᠡᠳᠬᠡᠬᠦ ᠬᠡᠷᠡᠭᠲᠡᠶ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠵᠢᠩᠬᠢᠨᠢ ᠬᠠᠷᠢᠶᠠᠯᠠᠯ ᠲᠠᠢ᠂ ᠭᠡᠪᠡᠴᠦ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠰᠢᠯᠭᠠᠬᠤ ᠬᠠᠷᠢᠶᠠᠯᠠᠯ ᠳᠤ | ᠳᠠᠩᠰᠠᠯᠠᠭᠤᠯᠤᠭᠰᠠᠨ ᠤᠢᠭᠡᠢ ᠰᠤᠷᠤᠭᠴᠢ᠂ ᠡᠷᠬᠡᠪᠰᠢ ᠰᠢᠯᠭᠠᠬᠤ ᠬᠠᠷᠢᠶᠠᠯᠠᠯ ᠢᠶᠠᠨ ᠤᠷᠢᠳᠠᠪᠠᠷ ᠰᠦᠯᠵᠢᠶᠡᠨ ᠳᠡᠭᠡᠷ᠎ᠡ | ᠨᠥᠬᠦᠨ ᠳᠠᠩᠰᠠᠯᠠᠭᠤᠯᠬᠤ ᠬᠡᠷᠡᠭᠲᠡᠶ᠃ ᠨᠥᠬᠦᠵᠦ ᠳᠠᠩᠰᠠᠯᠠᠭᠤᠯᠵᠤ ᠬᠢᠨᠠᠨ ᠰᠢᠯᠭᠠᠭᠤᠯᠤᠭᠰᠠᠨ ᠤ ᠳᠠᠷᠠᠭ᠎ᠠ᠂ | ᠮᠡᠳᠡᠭᠦᠯᠦᠭᠰᠡᠨ ᠬᠢᠴᠢᠶᠡᠯ ᠲᠥᠷᠥᠯ ᠢᠶᠠᠨ ᠰᠣᠩᠭᠤᠨ ᠲᠠᠭᠯᠠᠵᠦ ᠰᠦᠢᠳᠬᠡᠯ ᠢᠶᠠᠨ ᠰᠦᠯᠵᠢᠶᠡᠨ ᠳᠡᠭᠡᠷ᠎ᠡ ᠲᠤᠰᠢᠶᠠᠵᠦ᠂ | ᠨᠡᠷ᠎ᠡ ᠮᠡᠳᠡᠭᠦᠯᠬᠦ ᠭᠠᠷᠳᠠᠮ ᠢᠶᠠᠨ ᠭᠦᠢᠴᠡᠳᠬᠡᠬᠦ ᠬᠡᠷᠡᠭᠲᠡᠶ᠃ | ᠪᠦᠬᠦ ᠨᠡᠷ᠎ᠡ ᠮᠡᠳᠡᠭᠦᠯᠬᠦ ᠠᠵᠢᠯ ᠳᠠᠭᠤᠰᠤᠭᠰᠠᠨ ᠤ ᠰᠡᠭᠦᠯᠡᠷ᠂ ᠥᠪᠡᠷᠲᠡᠭᠡᠨ ᠵᠠᠰᠠᠬᠤ ᠣᠷᠣᠨ ᠠᠴᠠ ᠪᠤᠶ | ᠪᠦᠬᠦᠢ ᠰᠢᠯᠭᠠᠭᠤᠯᠤᠭᠴᠢᠳ ᠤᠨ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢ ᠥᠪᠥᠷ ᠮᠣᠩᠭᠤᠯ ᠤᠨ ᠰᠤᠷᠤᠭᠴᠢ | ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠳᠡᠭᠡᠷ᠎ᠡ ᠵᠠᠷᠯᠠᠵᠤ᠂ ᠰᠢᠯᠭᠠᠭᠤᠯᠤᠭᠰᠠᠳ᠂ ᠭᠡᠷ ᠤᠨ | ᠠᠬᠠᠮᠠᠳ ᠪᠣᠯᠤᠨ ᠨᠡᠶᠢᠭᠡᠮ ᠤᠨ ᠬᠢᠨᠠᠯᠲᠠ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠤᠨ᠎ᠠ᠃ ᠢᠯᠡᠴᠢᠯᠡᠨ | ᠮᠡᠳᠡᠭᠦᠯᠦᠭᠰᠡᠨ ᠪᠠᠶᠢᠳᠠᠯ ᠢ ᠪᠠᠶᠢᠴᠠᠭᠠᠭᠠᠳ ᠦᠨᠡᠨ ᠮᠠᠭᠠᠳ ᠪᠠᠶᠢᠪᠠᠯ᠂ ᠠᠩᠬ᠎ᠠ ᠤᠳᠠᠭ᠎ᠠ ᠢᠯᠡᠴᠢᠯᠡᠨ ᠮᠡᠳᠡᠭᠦᠯᠦᠭᠴᠢ | ᠳᠤ ᠠᠷᠠᠳ ᠤᠨ ᠵᠣᠭᠤᠰ 1000 ᠲᠥᠭᠦᠷᠢᠭ ᠱᠠᠩᠨᠠᠨ᠎ᠠ᠃ | ᠪᠤᠰᠤᠳ ᠬᠤᠯᠪᠣᠭᠳᠠᠯ ᠪᠦᠬᠦᠢ ᠠᠭᠤᠯᠭ᠎ᠠ ᠶᠢ ᠰᠢᠯᠭᠠᠭᠤᠯᠤᠭᠰᠠᠳ ᠵᠢᠴᠢ ᠭᠡᠷ ᠤᠨ ᠠᠬᠠᠮᠠᠳ ︽ᠥᠪᠥᠷ | ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ︾ ᠶᠢᠨ ᠸᠢᠴᠠᠲ ᠪᠤᠶᠤ ᠥᠪᠥᠷ ᠮᠣᠩᠭᠤᠯ ᠤᠨ ᠰᠤᠷᠤᠭᠴᠢ ᠡᠯᠰᠡᠬᠦ | ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠠᠴᠠ ᠯᠠᠪᠯᠠᠵᠤ ᠪᠣᠯᠤᠨ᠎ᠠ᠃ |