ᠲᠦᠩᠯᠢᠶᠣᠤ ᠬᠤᠳᠠ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠢᠳᠡᠪᠬᠢᠲᠡᠶ ᠪᠠᠷ ᠲᠦᠯᠬᠢᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2016/4/22
     ᠲᠤᠰ ᠲᠦᠷᠦᠯ ᠵᠦᠢᠯ ᠳᠤ ᠲᠦᠩᠯᠢᠶᠣᠤ ᠬᠤᠲᠠ ᠶᠢᠨ ᠨᠠᠢᠮᠠᠨ ᠬᠤᠰᠢᠭᠤ ᠶᠢᠨ ᠲᠠᠴᠢᠨᠲᠠᠯ᠎ᠠ ᠪᠠᠯᠭᠠᠰᠤ ᠠᠴᠠ ᠬᠤᠶᠢᠰᠢ ᠬᠠᠲᠠᠭᠤ ᠲᠣᠰᠬᠤᠨ ᠠᠴᠠ ᠪᠠᠷᠠᠭᠤᠨᠰᠢ᠂ ᠰᠢᠨ᠎ᠡ ᠪᠠᠷ ᠪᠠᠶᠢᠭᠤᠯᠤᠭᠰᠠᠨ ᠰᠠᠷᠠᠬ᠎ᠠ ᠶᠡᠭᠡ ᠵᠡᠭᠡᠯᠢ ᠠᠴᠠ ᠤᠮᠠᠷ᠎ᠠ ᠳᠤ ᠲᠠᠯᠠᠪᠠᠢ ᠰᠤᠩᠭᠤᠵᠤ᠂ ᠨᠡᠶᠢᠲᠡ 5000 ᠲᠦᠮᠡᠨ ᠲᠥᠭᠦᠷᠢᠭ ᠤᠨ ᠪᠡᠯᠡ ᠤᠷᠤᠭᠤᠯᠵᠤ᠂ 400 ᠮᠦ ᠭᠠᠵᠠᠷ ᠡᠵᠡᠯᠡᠬᠦ ᠪᠠᠷ ᠲᠦᠯᠦᠪᠯᠡᠵᠤ ᠪᠤᠢ᠃ 2015 ᠣᠨ ᠤ 4 ᠳ᠋ᠤᠭᠡᠷ ᠰᠠᠷ᠎ᠠ ᠶᠢᠨ 20᠎ ᠤ ᠡᠳᠦᠷ ᠲᠦᠷᠦᠯ ᠵᠦᠢᠯ ᠤᠨ ᠨᠢᠭᠡᠴᠡ ᠯᠦᠭᠡ ᠲᠦᠷᠦᠯ ᠵᠦᠢᠯ ᠤᠨ ᠵᠦᠪᠯᠡᠯᠴᠡᠭᠡᠷ ᠲᠤ ᠭᠠᠷ ᠤᠨ ᠦᠰᠦᠭ ᠵᠢᠷᠤᠵᠤ᠂ 2015 ᠤᠨ ᠤ 12 ᠳ᠋ᠤᠭᠠᠷ ᠰᠠᠷ᠎ᠠ ᠶᠢᠨ 24᠎ ᠤ ᠡᠳᠦᠷ ᠤᠮᠠᠷᠠᠲᠤ ᠣᠷᠣᠨ ᠤ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠠᠴᠠ ᠮᠡᠷᠭᠡᠵᠢᠯᠲᠡᠳ ᠢ ᠵᠣᠬᠢᠶᠠᠨ ᠪᠠᠶᠢᠭᠤᠯᠵᠤ  ᠲᠤᠬᠠᠢ ᠶᠢᠨ ᠲᠠᠯᠠᠪᠠᠢ ᠳᠤ ᠬᠠᠶᠢᠨ ᠪᠠᠶᠢᠴᠠᠭᠠᠬᠤ ᠬᠡᠯᠪᠡᠷᠢ ᠪᠠᠷ ᠲᠦᠷᠦᠯ ᠵᠦᠢᠯ ᠤᠨ ᠰᠣᠩᠭᠤᠭᠰᠠᠨ ᠭᠠᠵᠠᠷ ᠢ ᠬᠢᠨᠠᠨ ᠦᠨᠡᠯᠡᠪᠡ᠃ ᠬᠤᠶᠠᠷ ᠬᠤᠭᠤᠴᠠᠭ᠎ᠠ ᠬᠤᠪᠢᠶᠠᠨ ᠬᠡᠷᠡᠭᠵᠢᠬᠦᠯᠦᠨ᠎ᠡ᠂ ᠡᠭᠦᠨ ᠳᠤ ᠨᠢᠭᠡᠳᠦᠭᠡᠷ ᠬᠤᠭᠤᠴᠠᠭᠠᠨ ᠤ ᠨᠢᠰᠬᠡᠯ ᠤᠨ ᠪᠠᠭᠤᠳᠠᠯ ᠤᠨ ᠪᠦᠳᠦᠭᠡᠨ ᠪᠠᠶᠢᠭᠤᠯᠤᠯᠲᠠ ᠳᠤ 3000 ᠲᠦᠮᠡᠨ ᠲᠥᠭᠦᠷᠢᠭ ᠤᠨ ᠪᠡᠯᠡ ᠤᠷᠤᠭᠤᠯᠵᠤ᠂ 2016 ᠤᠨ ᠤ ᠵᠢᠯ ᠤᠨ ᠡᠴᠦᠰ ᠲᠤ ᠵᠢᠷᠤᠭ ᠲᠥᠯᠥᠪᠯᠡᠭᠡ ᠶᠢᠨ ᠬᠡᠪᠴᠢᠶᠡᠨ ᠳᠠᠬᠢ ᠪᠠᠷᠢᠯᠭ᠎ᠠ ᠶᠢ ᠪᠡᠶᠡᠯᠡᠭᠦᠯᠵᠦ᠂ ᠬᠤᠶᠠᠳᠤᠭᠠᠷ ᠬᠤᠭᠤᠴᠠᠭᠠᠨ ᠳᠤ 2000 ᠲᠦᠮᠡᠨ ᠲᠥᠭᠦᠷᠢᠭ ᠤᠨ ᠪᠡᠯᠡ ᠤᠷᠤᠭᠤᠯᠵᠤ᠂ 2017 ᠣᠨ ᠤ ᠵᠢᠯ ᠤᠨ ᠡᠴᠦᠰ ᠲᠤ ᠦᠯᠡᠳᠡᠭᠰᠡᠨ ᠪᠠᠷᠢᠯᠭ᠎ᠠ ᠶᠢ ᠪᠠᠷᠢᠵᠤ ᠳᠠᠭᠤᠰᠬᠠᠨ᠎ᠠ᠃ ᠣᠳᠣᠬᠠᠨ ᠳᠤ ᠲᠦᠷᠦᠯ ᠵᠦᠢᠯ ᠤᠨ ᠨᠢᠭᠡᠴᠡ ᠨᠢ ᠶᠠᠭ ᠭᠠᠵᠠᠷ ᠰᠣᠩᠭᠤᠬᠤ ᠮᠡᠳᠡᠭᠦᠯᠦᠯᠲᠡ ᠪᠠ ᠪᠣᠯᠤᠮᠵᠢᠲᠤ ᠰᠤᠳᠤᠯᠭᠠᠨ ᠤ ᠮᠡᠳᠡᠭᠦᠯᠦᠯᠲᠡ ᠬᠢᠵᠤ᠂ ᠤᠢ ᠰᠢᠭᠤᠶ ᠶᠢᠨ ᠰᠠᠯᠠᠭ᠎ᠠ ᠮᠥᠴᠢᠷ ᠶᠠᠭ ᠪᠤᠳᠠ ᠮᠣᠳᠣᠨ ᠤ ᠬᠠᠯᠬᠠᠪᠴᠢ ᠤᠢ ᠶᠢᠨ ᠭᠠᠵᠠᠷ ᠢ ᠲᠠᠲᠠᠪᠤᠷᠢᠯᠠᠨ ᠡᠵᠡᠯᠡᠬᠦ ᠪᠤᠯᠤᠮᠵᠢᠲᠤ ᠰᠤᠳᠤᠯᠭᠠᠨ ᠤ ᠮᠡᠳᠡᠭᠦᠯᠦᠯᠲᠡ ᠬᠢᠵᠤ᠂ ᠪᠤᠰᠤᠳ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠨᠢ ᠶᠠᠭ ᠯᠠᠪᠳᠠᠭᠤᠨ ᠢᠶᠠᠷ ᠶᠠᠪᠤᠭᠳᠠᠵᠤ ᠪᠠᠶᠢᠨ᠎ᠠ᠃ ᠲᠦᠷᠦᠯ ᠵᠦᠢᠯ ᠤᠨ ᠬᠡᠷᠡᠭᠵᠢᠬᠦᠯᠦᠯᠲᠡ ᠨᠢ ᠨᠠᠢᠮᠠᠨ ᠬᠤᠰᠢᠭᠤ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠪᠥᠭᠡᠳ ᠠᠯᠤᠰ ᠬᠡᠲᠦ ᠶᠢᠨ ᠨᠥᠯᠥᠭᠡ ᠦᠵᠡᠬᠦᠯᠬᠦ ᠪᠤᠯᠤᠨ᠎ᠠ᠂ ᠡᠭᠦᠨ ᠤ ᠬᠠᠮᠲᠤ᠂ ᠠᠵᠤ ᠠᠬᠤᠶ ᠶᠢᠨ ᠦᠰᠦᠷᠦᠯᠲᠡ ᠶᠢᠨ ᠬᠡᠯᠪᠡᠷᠢ ᠶᠢᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠦᠢᠯᠡᠳᠦᠯ ᠢᠶᠠᠨ ᠪᠠᠳᠠᠷᠠᠭᠤᠯᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号