ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠦᠢᠯᠡᠰ ᠤᠨ ᠥᠭᠡᠷᠡᠴᠢᠯᠡᠯᠲᠡ ᠰᠢᠨ᠎ᠡ ᠶᠢ ᠡᠭᠦᠳᠬᠦ | ᠲᠤᠷᠰᠢᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠡᠨᠡ ᠵᠢᠯ ᠠᠴᠠ ᠨᠠᠰᠢ᠂ ᠣᠷᠳᠣᠰ ᠬᠤᠲᠠ ᠶᠢᠨ ︽ | ᠨᠠᠰᠤᠵᠢᠯᠲᠠ ᠶᠢᠨ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠵᠤ᠂ ᠪᠦᠲᠦᠴᠡ ᠨᠢ ᠵᠦᠢ ᠵᠣᠬᠢᠰᠲᠠᠶ᠂ | ᠴᠢᠳᠠᠮᠵᠢ ᠨᠢ ᠪᠦᠷᠢᠨ ᠲᠡᠭᠦᠯᠳᠡᠷ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠢᠳᠡᠪᠬᠢᠲᠡᠢ | ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠤ ᠦᠢᠯᠡᠰ ᠢ ᠬᠥᠭᠵᠢᠭᠦᠯᠬᠦ︾ ᠪᠠᠷ ᠠᠷᠠᠳ ᠤᠨ | ᠠᠮᠢᠳᠤᠷᠠᠯ ᠤᠨ ᠴᠢᠬᠤᠯᠠ ᠢᠨᠵᠧᠨᠧᠷᠢᠩ ᠪᠣᠯᠭᠠᠨ ᠭᠤᠣᠯᠳᠠᠯᠭ᠎ᠠ ᠲᠠᠢ ᠳᠦᠯᠬᠢᠨ ᠠᠬᠢᠭᠤᠯᠪᠠ᠃ ᠣᠳᠣᠬᠠᠨ ᠪᠣᠯᠲᠠᠯ᠎ᠠ | ᠂ ᠲᠤᠷᠰᠢᠯᠲᠠ ᠶᠢᠨ ᠣᠷᠣᠨ ᠳᠤ ᠡᠯ᠎ᠡ ᠲᠥᠷᠥᠯ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠨᠡᠶᠢᠲᠡ 23 | ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠣᠷᠣ ᠶᠢᠨ ᠶᠡᠷᠦᠩᠬᠡᠶ ᠬᠡᠮᠵᠢᠶ᠎ᠡ ᠨᠢ 4036 ᠳᠤ ᠬᠦᠷᠴᠦ᠂᠂ | ᠡᠭᠦᠨ ᠳᠤ ᠠᠯᠪᠠᠨ ᠠᠴᠠ ᠡᠷᠬᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠣᠷᠣ 1228᠂ | ᠠᠷᠠᠳ ᠠᠴᠠ ᠡᠷᠬᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠣᠷᠣ 2808 ᠪᠣᠢ᠃ ᠠᠯᠪᠠᠨ ᠠᠴᠠ | ᠡᠷᠬᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠲᠤᠭ᠎ᠠ ᠬᠡᠮᠵᠢᠶ᠎ᠡ ᠨᠢ 13 ᠳᠤ ᠬᠦᠷᠴᠦ᠂ ᠡᠳᠦᠷ | ᠲᠣᠲᠣᠮ ᠤᠨ ᠬᠠᠷᠠᠭᠠᠯᠵᠠᠯ ᠤᠨ ᠲᠥᠪ 11᠂ ᠨᠠᠰᠤᠲᠠᠨ ᠤ ᠬᠦᠷᠢᠶᠡᠯᠡᠩ 1᠂ ᠠᠰᠠᠷᠠᠮᠵᠢ ᠶᠢᠨ ᠬᠦᠷᠢᠶᠡᠯᠡᠩ 1 ︵ | ᠠᠰᠠᠷᠠᠮᠵᠢ ᠶᠢᠨ ᠬᠦᠷᠢᠶᠡᠯᠡᠩ ᠳᠤ ᠢᠷᠠᠭᠤ ᠠᠯᠳᠠᠷᠲᠠᠨ ᠤ ᠬᠦᠷᠢᠶᠡᠯᠡᠩ᠂ ᠨᠠᠰᠤᠲᠠᠶᠢᠴᠤᠳ ᠤᠨ ᠬᠦᠷᠢᠶᠡᠯᠡᠩ | ᠪᠠᠭᠲᠠᠨ᠎ᠠ︶ ᠪᠣᠢ᠃ ᠣᠳᠣᠬᠠᠨ ᠳᠤ᠂ ᠤᠷᠳᠤᠰ ᠬᠤᠳᠠ ᠶᠠᠭ ᠳᠤᠮᠳᠠᠳᠤ ᠶᠢᠨ ᠦᠨᠳᠦᠰᠦᠲᠡᠨ ᠤ ᠬᠠᠶᠢᠷ᠎ᠠ ᠨᠡᠶᠢᠭᠡᠮ | ᠲᠣᠭᠤᠷᠢᠭ ᠤᠨ ᠨᠠᠰᠤᠲᠠᠶᠢᠴᠤᠳ ᠤᠨ ᠦᠢᠯᠡᠴᠢᠯᠡᠭᠡᠨ ᠤ ᠲᠥᠪ᠂ ᠳᠤᠮᠳᠠᠳᠤ ᠶᠢᠨ ᠦᠨᠳᠦᠰᠦᠲᠡᠨ ᠤ ᠬᠠᠯᠠᠮᠵᠢᠲᠤ | ᠡᠷᠡᠭᠦᠯ ᠮᠡᠨᠳᠦ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠬᠢᠭᠡᠳ ᠰᠢᠨ ᠬᠠᠶ ᠡᠷᠡᠭᠦᠯ | ᠮᠡᠨᠳᠦ ᠶᠢᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠡᠭᠦᠯᠡᠨ ᠲᠠᠪᠴᠠᠩ ᠵᠡᠷᠭᠡ ᠲᠥᠷᠥᠯ ᠵᠦᠢᠯ ᠢ | ᠪᠠᠶᠢᠭᠤᠯᠵᠤ᠂ ︽ᠭᠡᠷ ᠢᠶᠠᠨ ᠲᠦᠰᠢᠭᠰᠡᠨ ᠨᠠᠰᠤᠵᠢᠯ ᠤᠨ ᠠᠰᠠᠷᠠᠮᠵᠢ ᠪᠠᠷ ᠰᠠᠭᠤᠷᠢ ᠪᠣᠯᠭᠠᠭᠰᠠᠨ᠂ ᠨᠡᠶᠢᠭᠡᠮ | ᠲᠣᠭᠤᠷᠢᠭ ᠤᠨ ᠨᠠᠰᠤᠵᠢᠯ ᠤ ᠠᠰᠠᠷᠠᠮᠵᠢ ᠪᠠᠷ ᠲᠦᠰᠢᠭ ᠪᠣᠯᠭᠠᠭᠰᠠᠨ᠂ ᠪᠠᠶᠢᠭᠤᠯᠤᠮᠵᠢ ᠶᠢᠨ ᠨᠠᠰᠤᠵᠢᠯ ᠤᠨ | ᠠᠰᠠᠷᠠᠮᠵᠢ ᠪᠠᠷ ᠨᠥᠬᠦᠪᠥᠷᠢ ᠪᠣᠯᠭᠠᠭᠰᠠᠨ︾ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠰᠢᠰᠲ᠋ᠧᠮᠵᠢ ᠶᠢ ᠶᠠᠭ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ ᠪᠣᠢ᠃ | |