2015᠎ — 2016 ᠣᠨ ᠤ ᠬᠤᠶᠠᠳᠤᠭᠠᠷ ᠰᠤᠷᠤᠯᠭ᠎ᠠ ᠶᠢᠨ ᠬᠤᠭᠤᠴᠠᠭᠠᠨ ᠤ ᠪᠥᠬᠦ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ 21᠎ ᠤ ᠡᠳᠦᠷ ᠠᠴᠠ ᠡᠬᠢᠯᠡᠨ ᠨᠡᠷ᠎ᠡ ᠮᠡᠳᠡᠭᠦᠯᠦᠨ᠎ᠡ 
ᠨᠡᠶᠢᠲᠡᠯᠡᠭᠰᠡᠨ ᠴᠠᠭ᠄
2016/4/22
     2015᠎ — 2016 ᠣᠨ ᠤ ᠬᠤᠶᠠᠳᠤᠭᠠᠷ ᠰᠤᠷᠤᠯᠭ᠎ᠠ ᠶᠢᠨ ᠬᠤᠭᠤᠴᠠᠭᠠᠨ ᠤ ᠪᠥᠬᠦ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠨᠡᠷ᠎ᠡ ᠮᠡᠳᠡᠭᠦᠯᠬᠦ ᠠᠵᠢᠯ 4 ᠳ᠋ᠦ᠋ᠭᠡᠷ ᠰᠠᠷ᠎ᠠ ᠶᠢᠨ 21᠎ ᠤ ᠡᠳᠦᠷ ᠠᠴᠠ 30᠎ ᠤ ᠡᠳᠦᠷ ᠪᠣᠯᠲᠠᠯ᠎ᠠ ᠶᠠᠪᠤᠭᠳᠠᠨ᠎ᠠ᠃ ᠨᠡᠷ᠎ᠡ ᠮᠡᠳᠡᠭᠦᠯᠬᠦ ᠠᠵᠢᠯ ᠢ ᠰᠠᠶᠢᠲᠤᠷ ᠬᠢᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠤᠭᠴᠢ ᠡᠯᠰᠡᠬᠦ ᠰᠢᠯᠭᠠᠯᠲᠠ ᠶᠢᠨ ᠲᠥᠪ ᠮᠡᠳᠡᠭᠳᠡᠯ ᠪᠠᠭᠤᠯᠭᠠᠵᠤ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠪᠠ ᠰᠢᠯᠭᠠᠬᠤ ᠬᠠᠷᠢᠶᠠᠯᠠᠯ ᠢᠶᠠᠨ ᠨᠥᠬᠦᠨ ᠳᠠᠩᠰᠠᠯᠠᠭᠤᠯᠬᠤ ᠬᠠᠮᠢᠶ᠎ᠠ ᠪᠦᠬᠦᠢ ᠶᠠᠪᠤᠳᠠᠯ ᠢ ᠪᠠᠶᠢᠷᠢᠯᠠᠭᠤᠯᠪᠠ᠃      ᠣᠶᠢᠯᠭᠠᠭᠰᠠᠨ ᠢᠶᠠᠷ᠂ ᠲᠣᠰ ᠤᠳᠠᠭᠠᠨ ᠤ ᠰᠢᠯᠭᠠᠯᠲᠠ ᠨᠢ 3 ᠲᠥᠷᠥᠯ ᠤᠨ ᠬᠢᠴᠢᠶᠡᠯ ᠢ ᠰᠢᠯᠭᠠᠵᠤ᠂ ᠰᠢᠯᠭᠠᠯᠲᠠ ᠶᠢ 6 ᠳ᠋ᠤᠭᠠᠷ ᠰᠠᠷ᠎ᠠ ᠶᠢᠨ 22᠎ ᠤᠨ ᠡᠳᠦᠷ ᠬᠢᠨ᠎ᠡ᠂ ᠰᠢᠯᠭᠠᠬᠤ ᠴᠠᠭ ᠨᠢ ᠨᠢᠭᠡ ᠡᠳᠦᠷ᠃ 6 ᠳ᠋ᠤᠭᠠᠷ ᠰᠠᠷ᠎ᠠ ᠶᠢᠨ 22᠎ ᠤᠨ ᠡᠳᠦᠷ ᠤᠨ ᠦᠳᠡ ᠶᠢᠨ ᠡᠮᠦᠨ᠎ᠡ  8᠄ 00 — 9᠄ 30 ᠹᠢᠽᠢᠺ ᠤᠨ ᠰᠢᠯᠭᠠᠯᠲᠠ︔    10᠄ 30 —12᠄ 00 ᠦᠵᠡᠯ ᠰᠠᠨᠠᠭ᠎ᠠ ᠤᠯᠤᠰ ᠲᠦᠷᠦ ᠶᠢᠨ ᠰᠢᠯᠭᠠᠯᠲᠠ︔ ᠦᠳᠡ ᠶᠢᠨ ᠬᠤᠶᠢᠨ᠎ᠠ      15᠄ 00 — 16᠄ 30 ᠬᠢᠮᠢ ᠶᠢᠨ ᠰᠢᠯᠭᠠᠯᠲᠠ᠃      ᠨᠢᠭᠡᠨᠲᠡ ᠳᠠᠩᠰᠠᠯᠠᠭᠤᠯᠤᠭᠰᠠᠨ ᠮᠠᠨ ᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠰᠢᠯᠭᠠᠬᠤ ᠬᠠᠷᠢᠶᠠᠯᠠᠯ ᠲᠠᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠶᠠᠳᠤᠭᠠᠷ ᠣᠨ ᠤ ᠰᠤᠷᠤᠭᠴᠢ ᠵᠢᠴᠢ ᠬᠠᠮᠢᠶ᠎ᠠ ᠪᠦᠬᠦᠢ ᠬᠢᠴᠢᠶᠡᠯ ᠲᠥᠷᠥᠯ ᠤᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠪᠠᠶᠢᠪᠠᠯ ᠳᠠᠬᠢᠵᠤ ᠰᠢᠯᠭᠠᠭᠤᠯᠬᠤ ᠪᠠᠷ ᠨᠡᠷ᠎ᠡ ᠮᠡᠳᠡᠭᠦᠯᠦᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ ᠰᠤᠷᠤᠭᠴᠢᠳ ᠪᠦᠷ ᠨᠡᠷ᠎ᠡ ᠮᠡᠳᠡᠭᠦᠯᠦᠨ ᠰᠢᠯᠭᠠᠭᠤᠯᠵᠤ ᠪᠣᠯᠤᠨ᠎ᠠ᠃      ᠥᠪᠡᠷᠲᠡᠭᠡᠨ ᠵᠠᠰᠠᠬᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠢᠩᠬᠢᠨᠢ  ᠰᠤᠷᠤᠯᠭ᠎ᠠ ᠶᠢᠨ ᠬᠠᠷᠢᠶᠠᠯᠠᠯ ᠲᠠᠢ ᠪᠥᠭᠡᠳ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠡᠭᠦᠰᠦᠭᠰᠡᠨ ᠵᠢᠯ ᠨᠢ ᠮᠠᠨ ᠤ ᠣᠷᠣᠨ ᠤ ᠡᠩ ᠤᠨ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠬᠢᠷᠢ ᠬᠡᠮ ᠤᠨ ᠨᠥᠬᠦᠴᠡᠯ ᠳᠤ ᠨᠡᠶᠢᠴᠡᠬᠦ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠳᠤ ᠰᠢᠯᠭᠠᠬᠤ ᠬᠠᠷᠢᠶᠠᠯᠠᠯ ᠢᠶᠠᠨ ᠳᠠᠩᠰᠠᠯᠠᠭᠤᠯᠤᠭᠰᠠᠨ ᠦᠭᠡᠢ ᠥᠨᠳᠥᠷ ᠳᠤᠮᠳᠠᠳᠤ ᠶᠢᠨ ᠬᠤᠶᠠᠷ᠂ ᠭᠤᠷᠪᠠᠳᠤᠭᠠᠷ ᠣᠨ ᠤ ᠰᠤᠷᠭᠠᠭᠤᠯᠢ ᠳᠤ ᠪᠠᠶᠢᠭ᠎ᠠ ᠰᠤᠷᠤᠭᠴᠢ᠂ ᠲᠣᠭᠲᠠᠭᠰᠠᠨ ᠴᠠᠭ ᠤᠨ ᠳᠣᠲᠣᠷ᠎ᠠ ᠰᠢᠯᠭᠠᠬᠤ ᠬᠠᠷᠢᠶᠠᠯᠠᠯ ᠢᠶᠠᠨ ᠨᠥᠬᠦᠨ ᠳᠠᠩᠰᠠᠯᠠᠭᠤᠯᠵᠤ ᠪᠣᠯᠣᠨ᠎ᠠ᠃ ᠰᠢᠯᠭᠠᠬᠤ ᠬᠠᠷᠢᠶᠠᠯᠠᠯ ᠢᠶᠠᠨ ᠨᠥᠬᠦᠵᠦ ᠳᠠᠩᠰᠠᠯᠠᠭᠤᠯᠤᠭᠰᠠᠳ ᠲᠤᠰ ᠤᠳᠠᠭᠠᠨ ᠤ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠳᠤ ᠨᠡᠷ᠎ᠡ ᠮᠡᠳᠡᠭᠦᠯᠵᠦ ᠪᠣᠯᠣᠨ᠎ᠠ᠃      ᠡᠭᠦᠨ ᠳᠤ ᠡᠷᠦᠬᠡ ᠠᠮᠠ ᠨᠢ ᠣᠷᠣᠨ ᠤ ᠭᠠᠳᠠᠨ᠎ᠠ ᠠᠴᠠ ᠨᠡᠭᠦᠵᠦ ᠢᠷᠡᠭᠰᠡᠨ ᠪᠠ ᠭᠠᠳᠠᠨ᠎ᠠ ᠠᠴᠠ ᠢᠷᠡᠵᠦ ᠠᠵᠢᠯ ᠬᠢᠵᠦ ᠪᠠᠶᠢᠭ᠎ᠠ ᠬᠥᠮᠦᠰ ᠤᠨ ᠦᠷ᠎ᠡ ᠬᠡᠦᠬᠡᠳ᠂ ᠲᠤᠰ ᠤᠳᠠᠭᠠᠨ ᠤ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠳᠤ ᠨᠡᠷ᠎ᠡ ᠮᠡᠳᠡᠭᠦᠯᠵᠦ᠂ ᠰᠢᠯᠭᠠᠬᠤ ᠬᠠᠷᠢᠶᠠᠯᠠᠯ ᠢᠶᠠᠨ ᠨᠥᠬᠦᠪᠥᠷᠢᠯᠡᠵᠦ ᠳᠠᠩᠰᠠᠯᠠᠭᠤᠯᠤᠭᠰᠠᠨ ᠪᠠᠶᠢᠪᠠᠯ᠂ ᠳᠣᠣᠷᠠᠬᠢ ᠨᠥᠬᠦᠴᠡᠯ ᠳᠤ ᠡᠷᠬᠡᠪᠰᠢ ᠵᠡᠷᠭᠡᠪᠡᠷ ᠨᠡᠶᠢᠴᠡᠭᠰᠡᠨ ᠪᠠᠶᠢᠬᠤ ᠬᠡᠷᠡᠭᠲᠡᠶ᠄      1.ᠡᠷᠦᠬᠡ ᠠᠮᠠ ᠨᠢ ᠣᠷᠣᠨ ᠤ ᠭᠠᠳᠠᠨ᠎ᠠ ᠠᠴᠠ ᠨᠡᠭᠦᠵᠦ ᠢᠷᠡᠭᠰᠡᠨ ᠰᠢᠯᠭᠠᠭᠤᠯᠤᠭᠰᠠᠳ᠂ ᠬᠡᠷᠪᠡ ᠲᠤᠰ ᠬᠥᠮᠦᠨ ᠨᠢ ᠣᠷᠣᠨ ᠤ ᠭᠠᠳᠠᠨᠠᠬᠢ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠠᠴᠠ ᠰᠢᠯᠵᠢᠨ ᠢᠷᠡᠭᠰᠡᠨ ᠪᠠᠶᠢᠪᠠᠯ᠂ ᠰᠤᠷᠤᠯᠴᠠᠵᠤ ᠪᠠᠶᠢᠭ᠎ᠠ ᠰᠤᠷᠭᠠᠭᠤᠯᠢ ᠪᠠ ᠰᠤᠷᠤᠯᠭ᠎ᠠ ᠶᠢᠨ ᠬᠠᠷᠢᠶ᠎ᠠ ᠨᠢ ᠡᠷᠬᠡᠪᠰᠢ ᠡᠷᠥᠭᠡ ᠠᠮᠠ ᠨᠢ ᠪᠠᠶᠢᠭ᠎ᠠ ᠭᠠᠵᠠᠷ ᠎ ᠤᠨ ᠠᠶᠢᠮᠠᠭ ᠬᠤᠳᠠ ᠳᠤ ᠪᠠᠶᠢᠬᠤ ᠬᠡᠷᠡᠭᠲᠡᠢ︔ ᠭᠠᠳᠠᠨ᠎ᠠ ᠠᠴᠠ ᠢᠷᠡᠵᠦ ᠠᠵᠢᠯ ᠬᠢᠵᠦ ᠪᠠᠶᠢᠭ᠎ᠠ ᠬᠥᠮᠦᠰ ᠤᠨ ᠦᠷ᠎ᠡ ᠬᠡᠦᠬᠡᠳ ᠤᠨ ᠰᠤᠷᠤᠯᠴᠠᠵᠤ ᠪᠠᠶᠢᠭ᠎ᠠ ᠰᠤᠷᠭᠠᠭᠤᠯᠢ᠂ ᠰᠤᠷᠤᠯᠭ᠎ᠠ ᠶᠢᠨ ᠬᠠᠷᠢᠶ᠎ᠠ ᠨᠢ ᠡᠷᠬᠡᠪᠰᠢ ᠢᠵᠢᠯᠢ ᠨᠢᠭᠡᠨ ᠠᠶᠢᠮᠠᠭ ᠬᠤᠲᠠ ᠳᠤ ᠪᠠᠶᠢᠬᠤ ᠬᠡᠷᠡᠭᠲᠡᠢ︔      2. ᠥᠨᠳᠥᠷ ᠳᠤᠮᠳᠠᠳᠤ ᠶᠢᠨ ᠨᠢᠭᠡᠳᠦᠭᠡᠷ ᠣᠨ ᠳᠤ ᠣᠷᠣᠭᠰᠠᠨ ᠠᠴᠠ ᠡᠬᠢᠯᠡᠨ ᠲᠤᠰ ᠬᠥᠮᠦᠨ ᠨᠢ ᠡᠷᠬᠡᠪᠰᠢ ᠰᠤᠷᠤᠯᠴᠠᠵᠤ ᠪᠠᠶᠢᠭ᠎ᠠ ᠰᠤᠷᠭᠠᠭᠤᠯᠢ ᠳᠠᠭᠠᠨ ᠦᠷᠭᠦᠯᠵᠢᠯᠡᠨ ᠪᠣᠳᠠᠲᠠᠶ ᠰᠤᠷᠤᠯᠴᠠᠭᠰᠠᠨ ᠪᠠᠶᠢᠬᠤ ᠬᠡᠷᠡᠭᠲᠡᠢ᠃      ᠰᠢᠯᠭᠠᠨ ᠪᠠᠶᠢᠴᠠᠭᠠᠬᠤ ᠠᠷᠭ᠎ᠠ ᠪᠠ ᠱᠠᠭᠠᠷᠳᠠᠯᠭ᠎ᠠ      1.ᠡᠷᠦᠬᠡ ᠠᠮᠠ ᠨᠢ ᠣᠷᠣᠨ ᠤ ᠭᠠᠳᠠᠨ᠎ᠠ ᠠᠴᠠ ᠨᠡᠭᠦᠵᠦ ᠢᠷᠡᠭᠰᠡᠨ ᠪᠠ ᠭᠠᠳᠠᠨ᠎ᠠ ᠠᠴᠠ ᠢᠷᠡᠵᠦ ᠠᠵᠢᠯ ᠬᠢᠵᠦ ᠪᠠᠶᠢᠭ᠎ᠠ ᠬᠥᠮᠦᠰ ᠤᠨ ᠦᠷ᠎ᠡ ᠬᠡᠦᠬᠡᠳ᠂ ᠨᠡᠷ᠎ᠡ ᠮᠡᠳᠡᠭᠦᠯᠬᠦ ᠦᠶ᠎ᠡ ᠳᠡᠭᠡᠨ ᠤᠷᠢᠳᠠᠪᠠᠷ ᠰᠦᠯᠵᠢᠶᠡᠨ ᠳᠡᠭᠡᠷ᠎ᠡ ᠎ ᠠᠴᠠ ︽ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠡᠷᠦᠬᠡ ᠠᠮᠠ ᠨᠢ ᠣᠷᠣᠨ ᠤ ᠭᠠᠳᠠᠨ᠎ᠠ ᠠᠴᠠ ᠨᠡᠭᠦᠵᠦ ᠢᠷᠡᠭᠰᠡᠨ ᠪᠠ ᠭᠠᠳᠠᠨ᠎ᠠ ᠠᠴᠠ ᠢᠷᠡᠵᠦ ᠠᠵᠢᠯ ᠬᠢᠵᠦ ᠪᠠᠶᠢᠭ᠎ᠠ ᠬᠥᠮᠦᠰ ᠤᠨ ᠰᠢᠯᠭᠠᠭᠤᠯᠬᠤ ᠦᠷ᠎ᠡ ᠬᠡᠦᠬᠡᠳ ᠤᠨ ᠰᠤᠷᠤᠯᠭ᠎ᠠ ᠶᠢᠨ ᠬᠠᠷᠢᠶ᠎ᠠ᠂ ᠡᠷᠦᠬᠡ ᠠᠮᠠ ᠶᠢᠨ ᠳᠠᠩᠰᠠ ᠪᠣᠯᠤᠨ ᠪᠣᠳᠠᠲᠠᠶ ᠰᠤᠷᠤᠯᠴᠠᠵᠤ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠬᠤ ᠬᠦᠰᠦᠨᠦᠭᠲᠦ︾᠎ ᠶᠢ ᠳᠠᠷᠤᠮᠠᠯᠯᠠᠨ ᠠᠪᠴᠤ᠂ ᠰᠤᠷᠤᠯᠴᠠᠵᠤ ᠪᠠᠶᠢᠭ᠎ᠠ ᠰᠤᠷᠭᠠᠭᠤᠯᠢ ᠪᠣᠯᠤᠨ ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠰᠤᠷᠤᠯᠭ᠎ᠠ ᠶᠢᠨ ᠬᠠᠷᠢᠶ᠎ᠠ᠂ ᠡᠷᠦᠬᠡ ᠠᠮᠠ ᠶᠢᠨ ᠳᠠᠩᠰᠠ ᠪᠣᠯᠤᠨ ᠦᠷᠭᠦᠯᠵᠢᠯᠡᠨ ᠪᠣᠳᠠᠲᠠᠶ ᠰᠤᠷᠤᠯᠴᠠᠵᠤ ᠪᠠᠶᠢᠭ᠎ᠠ ᠪᠠᠶᠢᠳᠠᠯ ᠢᠶᠠᠨ ᠬᠢᠨᠠᠨ ᠬᠠᠷᠭᠤᠭᠤᠯᠤᠭᠤᠯᠬᠤ ᠬᠡᠷᠡᠭᠲᠡᠢ᠃ ᠬᠢᠨᠠᠨ ᠬᠠᠷᠭᠤᠭᠤᠯᠤᠭᠠᠳ ᠨᠥᠬᠦᠴᠡᠯ ᠳᠤ ᠨᠡᠶᠢᠴᠡᠭᠰᠡᠨ ᠪᠠᠶᠢᠪᠠᠯ᠂ ᠰᠢᠯᠭᠠᠬᠤ ᠬᠠᠷᠢᠶᠠᠯᠠᠯ ᠳᠤ ᠨᠥᠬᠦᠵᠦ ᠳᠠᠩᠰᠠᠯᠠᠭᠤᠯᠬᠤ ᠪᠠ ᠨᠡᠷ᠎ᠡ ᠮᠡᠳᠡᠭᠦᠯᠬᠦ ᠶᠢ ᠵᠥᠪᠰᠢᠶᠡᠷᠡᠨ᠎ᠠ︔ ᠬᠢᠨᠠᠨ ᠬᠠᠷᠭᠤᠭᠤᠯᠤᠭᠠᠳ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂ ᠰᠢᠯᠭᠠᠬᠤ ᠬᠠᠷᠢᠶᠠᠯᠠᠯ ᠳᠤ ᠨᠥᠬᠦᠨ ᠳᠠᠩᠰᠠᠯᠠᠭᠤᠯᠵᠤ ᠪᠣᠯᠬᠤ ᠦᠭᠡᠢ᠃      2.ᠬᠢᠷᠢ ᠭᠡᠮ ᠢ ᠰᠢᠯᠭᠠᠨ ᠪᠠᠶᠢᠴᠠᠭᠠᠬᠤ ᠪᠠ ᠨᠡᠷ᠎ᠡ ᠮᠡᠳᠡᠭᠦᠯᠬᠦ ᠶᠠᠪᠤᠴᠠ ᠶᠢ ᠵᠡᠷᠭᠡᠪᠡᠷ ᠶᠠᠪᠤᠭᠳᠠᠭᠤᠯᠤᠨ᠎ᠠ᠃ ᠰᠢᠯᠭᠠᠬᠤ ᠬᠠᠷᠢᠶᠠᠯᠠᠯ ᠳᠤ ᠳᠠᠩᠰᠠᠯᠠᠭᠤᠯᠬᠤ ᠨᠥᠬᠦᠴᠡᠯ ᠳᠤ ᠨᠡᠶᠢᠴᠡᠬᠦ ᠦᠭᠡᠢ ᠰᠢᠯᠭᠠᠬᠤ ᠬᠠᠷᠢᠶᠠᠯᠠᠯ ᠳᠤ ᠨᠥᠬᠦᠨ ᠳᠠᠩᠰᠠᠯᠠᠭᠤᠯᠬᠤ ᠭᠠᠷᠳᠠᠮ ᠢ ᠭᠦᠢᠴᠡᠳᠬᠡᠭᠰᠡᠨ ᠰᠢᠯᠭᠠᠭᠤᠯᠤᠭᠴᠢᠳ ᠢ ᠢᠯᠡᠷᠡᠭᠦᠯᠦᠭᠰᠡᠭᠡᠷ ᠰᠢᠯᠭᠠᠬᠤ ᠬᠠᠷᠢᠶᠠᠯᠠᠯ ᠪᠠ ᠨᠡᠷ᠎ᠡ ᠮᠡᠳᠡᠭᠦᠯᠬᠦ᠂ ᠰᠢᠯᠭᠠᠬᠤ ᠬᠢᠷᠢ ᠭᠡᠮ ᠢ ᠨᠢ ᠬᠠᠰᠤᠨ᠎ᠠ᠃ ᠰᠢᠯᠭᠠᠭᠰᠠᠨ ᠤ ᠳᠠᠷᠠᠭ᠎ᠠ ᠢᠯᠡᠷᠡᠭᠦᠯᠪᠡᠯ ᠰᠢᠯᠭᠠᠭᠰᠠᠨ ᠦᠷ᠎ᠡ ᠪᠦᠲᠦᠮᠵᠢ ᠶᠢ ᠨᠢ ᠬᠠᠰᠤᠨ᠎ᠠ᠃ ᠡᠭᠦᠨ ᠤ ᠬᠠᠮᠲᠤ᠂ ᠦᠨᠳᠦᠰᠦᠨ ᠱᠠᠲᠤᠨ ᠤ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠪᠠ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠷᠢ ᠬᠡᠮ ᠤᠨ ᠰᠢᠯᠭᠠᠨ ᠪᠠᠶᠢᠴᠠᠭᠠᠯᠲᠠ ᠴᠢᠩᠭ᠎ᠠ ᠬᠢᠨᠠᠮᠠᠭᠠᠢ ᠪᠤᠰᠤ ᠪᠣᠶᠣ ᠨᠥᠬᠦᠴᠡᠯ ᠳᠤ ᠨᠡᠶᠢᠴᠡᠬᠦ ᠦᠭᠡᠢ ᠰᠢᠯᠭᠠᠭᠤᠯᠤᠭᠴᠢᠳ ᠲᠤ ᠬᠠᠮᠢᠶ᠎ᠠ ᠪᠦᠬᠦᠢ ᠭᠠᠷᠳᠠᠮ ᠭᠦᠢᠴᠡᠳᠬᠡᠵᠦ ᠥᠭᠭᠦᠭᠰᠡᠨ ᠠᠵᠢᠯᠲᠠᠳ ᠢ ᠬᠤᠯᠪᠣᠭᠳᠠᠯ ᠪᠦᠬᠦᠢ ᠳᠦᠷᠢᠮ ᠲᠣᠭᠲᠠᠭᠠᠯ ᠢᠶᠠᠷ ᠴᠢᠩᠭ᠎ᠠ ᠬᠢᠨᠠᠮᠠᠭᠠᠢ ᠰᠢᠢᠳᠪᠦᠷᠢᠯᠡᠵᠦ᠂ ᠬᠤᠯᠪᠣᠭᠳᠠᠯ ᠪᠦᠬᠦᠢ ᠬᠠᠷᠢᠭᠤᠴᠠᠯᠭᠠᠲᠠᠳ ᠠᠴᠠ ᠬᠠᠷᠢᠭᠤᠴᠠᠯᠭ᠎ᠠ ᠨᠡᠬᠡᠮᠵᠢᠯᠡᠨ᠎ᠡ᠃      ᠣᠶᠢᠯᠭᠠᠭᠰᠠᠨ ᠢᠶᠠᠷ᠂ ᠨᠢᠭᠡᠨᠲᠡ ᠰᠢᠯᠭᠠᠬᠤ ᠬᠠᠷᠢᠶᠠᠯᠠᠯ ᠲᠠᠢ ᠪᠥᠭᠡᠳ ᠲᠤᠰ ᠵᠦᠢᠯ ᠤᠨ ᠰᠢᠯᠭᠠᠯᠲᠠ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠰᠢᠯᠭᠠᠬᠤ ᠬᠠᠷᠢᠶᠠᠯᠠᠯ ᠤᠨ ᠬᠠᠮᠢᠶᠠᠷᠤᠯᠲᠠ ᠶᠢᠨ ᠰᠢᠰᠲ᠋ᠧᠮ ︵ᠰᠤᠷᠤᠭᠴᠢᠳ ᠳᠠᠩᠰᠠᠯᠠᠭᠤᠯᠬᠤ︶︾᠎ ᠳᠤ ᠰᠢᠭᠤᠳ ᠭᠠᠷᠴᠤ᠂ ᠰᠢᠯᠭᠠᠬᠤ ᠬᠢᠴᠢᠶᠡᠯ ᠲᠥᠷᠥᠯ ᠢᠶᠠᠨ ᠲᠠᠭᠯᠠᠬᠤ ᠂ ᠰᠦᠢᠳᠬᠡᠯ ᠲᠤᠰᠢᠶᠠᠬᠤ᠂ ᠨᠡᠷ᠎ᠡ ᠮᠡᠳᠡᠭᠦᠯᠬᠦ ᠠᠵᠢᠯ ᠢᠶᠠᠨ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠣᠨ᠎ᠠ᠃ ᠰᠢᠯᠭᠠᠬᠤ ᠬᠠᠷᠢᠶᠠᠯᠠᠯ ᠲᠠᠢ ᠪᠣᠯᠪᠠᠴᠤ ᠲᠤᠰ ᠵᠦᠢᠯ ᠤᠨ ᠰᠢᠯᠭᠠᠯᠲᠠ ᠳᠤ ᠣᠷᠣᠯᠴᠠᠵᠤ ᠥᠩᠭᠡᠷᠡᠭᠰᠡᠨ ᠦᠭᠡᠢ ᠪᠠᠶᠢᠪᠠᠯ᠂ ᠡᠷᠬᠡᠪᠰᠢ ᠲᠤᠬᠠᠶ ᠶᠢᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠶᠢᠨ ᠵᠢᠭᠠᠨ ᠲᠣᠭᠲᠠᠭᠠᠭᠰᠠᠨ ᠭᠠᠵᠠᠷ ᠲᠤ ᠬᠦᠷᠴᠦ ᠨᠢᠭᠡᠳᠦᠯᠲᠡᠶ ᠲᠠᠲᠠᠭᠰᠠᠨ ᠰᠡᠭᠦᠳᠡᠷ ︵ᠰᠡᠭᠦᠳᠡᠷ ᠤᠨ ᠨᠢᠭᠤᠷ ᠲᠠᠯ᠎ᠠ ︽20161 ᠰᠤᠷᠤᠭᠴᠢ ᠶᠢᠨ ᠰᠢᠯᠭᠠᠯᠲᠠ︾᠂ ᠰᠡᠭᠦᠳᠡᠷ ᠤᠨ ᠠᠷᠤ ᠲᠠᠯ᠎ᠠ ᠳᠤᠨᠢ ︽ᠬᠤᠰᠢᠭᠤ ᠰᠢᠶᠠᠨ ᠲᠣᠭᠤᠷᠢᠭ ᠤᠨ ᠨᠡᠷᠡᠶᠢᠳᠦᠯ︾︶᠎ ᠢ ᠬᠡᠷᠡᠭᠯᠡᠵᠦ᠂ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠪᠣᠯᠤᠨ ᠬᠤᠷᠤᠭᠤᠨ ᠤ ᠨᠠᠮᠵᠢᠭᠤᠨ ᠰᠤᠳᠠᠯ ᠤᠨ ᠮᠡᠳᠡᠭᠡ ᠵᠠᠩᠭᠢ ᠶᠢ ᠤᠩᠰᠢᠭᠤᠯᠬᠤ ᠬᠡᠷᠡᠭᠲᠡᠢ᠃ ᠳᠡᠭᠡᠷᠡᠬᠢ ᠳᠡᠰ ᠳᠠᠷᠠᠭᠠᠯᠠᠯ ᠢ ᠪᠡᠶᠡᠯᠡᠭᠦᠯᠦᠭᠰᠡᠨ ᠪᠠᠶᠢᠪᠠᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠰᠢᠯᠭᠠᠬᠤ ᠬᠠᠷᠢᠶᠠᠯᠠᠯ ᠤᠨ ᠬᠠᠮᠢᠶᠠᠷᠤᠯᠲᠠ ᠶᠢᠨ ᠰᠢᠰᠲ᠋ᠧᠮ︾᠎ ᠳᠤ ᠣᠷᠣᠵᠤ᠂ ᠨᠡᠷ᠎ᠡ ᠮᠡᠳᠡᠭᠦᠯᠦᠭᠰᠡᠨ ᠬᠢᠴᠢᠶᠡᠯ ᠲᠥᠷᠥᠯ ᠢᠶᠠᠨ ᠰᠣᠩᠭᠤᠵᠤ ᠲᠠᠭᠯᠠᠬᠤ ᠪᠠ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠵᠦ᠂ ᠨᠡᠷ᠎ᠡ ᠮᠡᠳᠡᠭᠦᠯᠬᠦ ᠭᠠᠷᠳᠠᠮ ᠢᠶᠠᠨ ᠭᠦᠢᠴᠡᠳᠬᠡᠬᠦ ᠬᠡᠷᠡᠭᠲᠡᠶ᠃      ᠪᠦᠬᠦ ᠨᠡᠷ᠎ᠡ ᠮᠡᠳᠡᠭᠦᠯᠬᠦ ᠠᠵᠢᠯ ᠳᠠᠭᠤᠰᠤᠭᠰᠠᠨ ᠤ ᠰᠡᠭᠦᠯᠡᠷ᠂ ᠥᠪᠡᠷᠲᠡᠭᠡᠨ ᠵᠠᠰᠠᠬᠤ ᠣᠷᠣᠨ ᠠᠴᠠ ᠪᠤᠶ ᠪᠦᠬᠦᠢ  ᠰᠢᠯᠭᠠᠭᠤᠯᠤᠭᠴᠢᠳ ᠤᠨ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠳᠡᠭᠡᠷ᠎ᠡ ᠵᠠᠷᠯᠠᠵᠤ᠂ ᠰᠢᠯᠭᠠᠭᠤᠯᠤᠭᠰᠠᠳ᠂ ᠭᠡᠷ ᠤᠨ ᠠᠬᠠᠮᠠᠳ ᠪᠣᠯᠤᠨ ᠨᠡᠶᠢᠭᠡᠮ ᠤᠨ ᠬᠢᠨᠠᠯᠲᠠ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠤᠨ᠎ᠠ᠃      ᠡᠯ᠎ᠡ ᠭᠠᠵᠠᠷ ᠤᠨ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠶᠢᠨ ᠠᠵᠢᠯᠲᠠᠳ᠂ ᠰᠢᠯᠭᠠᠭᠤᠯᠤᠭᠰᠠᠳ ᠵᠢᠴᠢ ᠭᠡᠷ ᠤᠨ ᠠᠬᠠᠮᠠᠳ ︽ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ︾᠎ ᠶᠢᠨ ᠸᠢᠴᠠᠲ ︵︽nmgzskszwx︾︶᠎ ᠢ ᠠᠩᠬᠠᠷᠴᠤ᠂ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠤᠨ ᠨᠡᠶᠢᠲᠡᠯᠡᠭᠰᠡᠨ ᠬᠤᠯᠪᠣᠭᠳᠠᠯ ᠪᠦᠬᠦᠢ ᠰᠢᠯᠭᠠᠯᠲᠠ ᠶᠢᠨ ᠮᠡᠳᠡᠭᠡ ᠵᠠᠩᠭᠢ ᠶᠢ ᠴᠠᠭ ᠲᠤᠬᠠᠢ ᠎ ᠳᠤᠨᠢ ᠬᠦᠯᠢᠶᠡᠨ ᠠᠪᠤᠭᠠᠷᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号