2016 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ | ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ᠂ ᠦᠨᠳᠦᠷ ᠬᠢᠷᠢ | ᠲᠦᠪᠰᠢᠨ ᠪᠦᠬᠦᠢ ᠲᠠᠮᠢᠷᠴᠢᠨ ᠪᠤᠯᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠮᠠᠩᠯᠠᠢ ᠲᠠᠮᠢᠷᠴᠢᠨ | ᠰᠢᠯᠭᠠᠭᠤᠯᠤᠭᠰᠠᠳ ᠤᠨ ᠪᠡᠶ᠎ᠡ ᠶᠢᠨ ᠲᠠᠮᠢᠷ ᠤᠨ ᠲᠤᠷᠰᠢᠯᠲᠠ ᠶᠢᠨ ᠰᠢᠯᠭᠠᠯᠲᠠ 5 ᠳ᠋ᠤᠭᠠᠷ ᠰᠠᠷ᠎ᠠ ᠶᠢᠨ 5 ᠤ | ᠡᠳᠦᠷ ᠠᠴᠠ 15 ᠤ ᠡᠳᠦᠷ ᠪᠤᠯᠲᠠᠯ᠎ᠠ ᠶᠠᠪᠤᠭᠳᠠᠨ᠎ᠠ᠃ ᠣᠶᠢᠯᠠᠭᠠᠭᠰᠠᠨ ᠢᠶᠠᠷ᠂ ᠪᠡᠶ᠎ᠡ ᠶᠢᠨ ᠲᠠᠮᠢᠷ ᠤᠨ | ᠰᠢᠯᠭᠠᠭᠤᠯᠤᠭᠰᠠᠳ ᠲᠣᠭᠲᠠᠭᠠᠯ ᠶᠣᠰᠣᠭᠠᠷ ᠬᠥᠭᠡᠷᠦᠯᠲᠡ ᠶᠢᠨ ᠡᠮ ᠬᠡᠷᠡᠭᠯᠡᠵᠦ ᠪᠣᠯᠬᠤ ᠤᠢᠭᠡᠢ᠃ ᠡᠯ᠎ᠡ | ᠰᠢᠯᠭᠠᠯᠲᠠ ᠶᠢᠨ ᠲᠠᠯᠠᠪᠤᠷ ᠨᠢ ᠥᠷᠭᠡᠨ ᠣᠯᠠᠨ ᠰᠢᠯᠭᠠᠭᠤᠯᠤᠭᠰᠠᠳ ᠲᠤ ᠬᠠᠨᠳᠤᠭᠤᠯᠤᠨ ᠬᠥᠭᠡᠷᠦᠯᠲᠡ ᠶᠢᠨ ᠡᠮ ᠢ | ᠡᠰᠡᠷᠭᠦᠴᠡᠬᠦ ᠤᠬᠠᠭᠤᠯᠭ᠎ᠠ ᠬᠥᠮᠦᠵᠢᠯ ᠥᠷᠨᠢᠭᠦᠯᠵᠦ᠂ ᠨᠥᠬᠦᠴᠡᠯ ᠪᠤᠯᠤᠯᠴᠠᠭ᠎ᠠ ᠲᠠᠢ ᠪᠠᠶᠢᠳᠠᠯ ᠳᠣᠣᠷ᠎ᠠ | ᠬᠥᠭᠡᠷᠦᠯᠲᠡ ᠶᠢᠨ ᠡᠮ ᠢ ᠰᠢᠯᠭᠠᠨ ᠪᠠᠶᠢᠴᠠᠭᠠᠬᠤ ᠰᠤᠭᠤᠴᠠᠨ ᠪᠠᠶᠢᠴᠠᠭᠠᠯᠲᠠ ᠬᠢᠬᠦ ᠬᠡᠷᠡᠭᠲᠡᠶ᠃ ᠰᠢᠯᠭᠠᠬᠤ ᠠᠴᠠ | ᠡᠮᠦᠨ᠎ᠡ᠂ ᠰᠢᠯᠭᠠᠭᠤᠯᠤᠭᠰᠠᠳ ︽ᠬᠥᠭᠡᠷᠦᠯᠲᠡ ᠶᠢᠨ ᠡᠮ ᠢ ᠡᠰᠡᠷᠭᠦᠴᠡᠬᠦ ᠠᠮᠠᠯᠠᠯᠲᠠ ᠶᠢᠨ ᠪᠢᠴᠢᠭ︾ ᠲᠤ ᠭᠠᠷ ᠤᠨ | ᠦᠰᠦᠭ ᠵᠢᠷᠤᠬᠤ ᠬᠡᠷᠡᠭᠲᠡᠶ᠃ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠬᠤ ᠶᠢ ᠲᠠᠪᠴᠢᠭᠰᠡᠨ ᠪᠤᠶᠤ | ᠬᠥᠭᠡᠷᠦᠯᠲᠡ ᠶᠢᠨ ᠡᠮ ᠢ ᠰᠢᠯᠭᠠᠨ ᠪᠠᠶᠢᠴᠠᠭᠠᠬᠤ ᠪᠤᠶᠤ ᠰᠤᠭᠤᠴᠠᠨ ᠪᠠᠶᠢᠴᠠᠭᠠᠬᠤ ᠶᠢ ᠲᠡᠪᠴᠢᠭᠰᠡᠨ | ᠰᠢᠯᠭᠠᠭᠤᠯᠤᠭᠰᠠᠳ ᠢ ᠰᠢᠯᠭᠠᠯᠲᠠ ᠶᠢᠨ ᠬᠢᠷᠢ ᠬᠡᠮ ᠢᠶᠠᠨ ᠰᠠᠨᠠᠭᠠᠴᠢᠯᠠᠭ᠎ᠠ ᠠᠴᠠ ᠪᠠᠨ ᠤᠷᠬᠢᠭᠰᠠᠨ ᠢᠶᠠᠷ ᠦᠵᠡᠨ᠎ᠡ᠃ |