ᠪᠦᠬᠦ ᠤᠯᠤᠰ ᠤᠨ ᠡᠵᠡᠩᠨᠡᠯᠲᠡ ᠶᠢᠨ ᠭᠠᠶᠢᠯᠢ ᠶᠢ ᠦᠷᠳᠡᠭ ᠤᠨ ᠨᠡᠮᠡᠭᠳᠡᠯ ᠤᠨ ᠭᠠᠶᠢᠯᠢ ᠪᠤᠯᠭᠠᠨ ᠲᠤᠰᠢᠶᠠᠭᠴᠢᠳ ᠲᠤ ᠦᠭᠬᠦ ᠵᠠᠬᠢᠳᠠᠯ
ᠨᠡᠶᠢᠲᠡᠯᠡᠭᠰᠡᠨ ᠴᠠᠭ᠄
2016/4/22
ᠡᠷᠬᠢᠮ ᠬᠦᠨᠳᠦᠲᠦ ᠡᠵᠡᠩᠨᠡᠯᠲᠡ ᠶᠢᠨ ᠭᠠᠶᠢᠯᠢ ᠶᠢ ᠦᠷᠳᠡᠭ ᠤᠨ ᠨᠡᠮᠡᠭᠳᠡᠯ ᠤᠨ ᠭᠠᠶᠢᠯᠢ ᠪᠤᠯᠭᠠᠨ ᠲᠤᠰᠢᠶᠠᠭᠴᠢᠳ ᠲᠤ᠄      ᠲᠠ ᠰᠠᠶᠢᠨ ᠤᠤ︕      ᠶᠠᠭᠤᠨ ᠤ ᠡᠮᠦᠨ᠎ᠡ ᠲᠠᠨ ᠤ ᠡᠵᠡᠩᠨᠡᠯᠲᠡ ᠶᠢᠨ ᠭᠠᠶᠢᠯᠢ ᠶᠢ ᠥᠷᠲᠡᠭ ᠤᠨ ᠨᠡᠮᠡᠭᠳᠡᠯ ᠤᠨ ᠭᠠᠶᠢᠯᠢ ᠪᠤᠯᠭᠠᠨ ᠦᠭᠡᠷᠴᠢᠯᠡᠬᠦ ᠠᠵᠢᠯ ᠢ ᠢᠳᠡᠪᠬᠢᠲᠡᠶ ᠲᠡᠮᠵᠢᠠ ᠬᠠᠮᠵᠢᠯᠴᠠᠭᠰᠠᠨ ᠳᠤ ᠲᠠᠯᠠᠷᠬᠠᠵᠤ ᠪᠠᠶᠢᠨ᠎ᠠ︕      ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠶᠤᠰᠤᠭᠠᠷ᠂ 2016 ᠤᠨ ᠤ 5 ᠳ᠋ᠤᠭᠠᠷ ᠰᠠᠷ᠎ᠠ ᠶᠢᠨ1᠎ ᠤ ᠡᠳᠦᠷ ᠠᠴᠠ ᠡᠬᠢᠯᠡᠨ ᠪᠦᠬᠦ ᠤᠯᠤᠰ ᠤᠨ ᠬᠡᠪᠴᠢᠶᠡᠨ ᠳᠤ ᠡᠵᠡᠩᠨᠡᠯᠲᠡ ᠶᠢᠨ ᠭᠠᠶᠢᠯᠢ ᠶᠢ ᠦᠷᠲᠡᠭ ᠤᠨ ᠨᠡᠮᠡᠭᠳᠡᠯ ᠤᠨ ᠭᠠᠶᠢᠯᠢ ᠪᠤᠯᠭᠠᠨ ᠦᠭᠡᠷᠡᠴᠢᠯᠡᠨ ᠲᠠᠲᠠᠪᠤᠷᠢᠯᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠯᠭ᠎ᠠ ᠶᠢᠨ ᠦᠢᠯᠡᠰ᠂ ᠭᠡᠷ ᠭᠠᠵᠠᠷ ᠬᠦᠷᠦᠩᠭᠡ ᠶᠢᠨ ᠦᠢᠯᠡᠰ᠂ ᠮᠥᠩᠭᠦᠨ ᠭᠦᠢᠯᠭᠡᠭᠡᠨ ᠤ ᠦᠢᠯᠡᠰ᠂ ᠠᠮᠢᠳᠤᠷᠠᠯ ᠤᠨ ᠦᠢᠯᠡᠴᠢᠯᠡᠭᠡᠨ ᠤ ᠦᠢᠯᠡᠰ ᠤᠨ ᠭᠠᠶᠢᠯᠢ ᠲᠤᠰᠢᠶᠠᠭᠴᠢᠳ ᠤᠨ ᠤᠤᠯ ᠳᠠᠭᠠᠨ ᠡᠵᠡᠩᠨᠡᠯᠲᠡ ᠶᠢᠨ ᠭᠠᠶᠢᠯᠢ ᠲᠤᠰᠢᠶᠠᠵᠤ ᠪᠠᠶᠢᠭᠰᠠᠨ ᠢ ᠦᠷᠳᠡᠭ ᠤᠨ ᠨᠡᠮᠡᠭᠳᠡᠯ ᠤᠨ ᠭᠠᠶᠢᠯᠢ ᠲᠤᠰᠢᠶᠠᠬᠤ ᠪᠣᠯᠭᠠᠨ ᠥᠭᠡᠷᠡᠴᠢᠯᠡᠵᠦ᠂ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠷᠢᠭᠤᠴᠠᠵᠤ ᠲᠠᠲᠠᠪᠤᠷᠢᠯᠠᠨ᠎ᠠ᠃ ᠲᠠᠨ ᠤ ᠡᠵᠡᠩᠨᠡᠯᠲᠡ ᠶᠢᠨ ᠭᠠᠶᠢᠯᠢ ᠶᠢ ᠥᠷᠲᠡᠭ ᠤᠨ ᠨᠡᠮᠡᠭᠳᠡᠯ ᠤᠨ ᠭᠠᠶᠢᠯᠢ ᠪᠤᠯᠭᠠᠨ ᠦᠭᠡᠷᠡᠴᠢᠯᠡᠨ ᠲᠠᠲᠠᠪᠤᠷᠢᠯᠠᠬᠤ ᠬᠤᠯᠪᠣᠭᠳᠠᠯ ᠪᠦᠬᠦᠢ ᠭᠠᠶᠢᠯᠢ ᠲᠤ ᠬᠤᠯᠪᠤᠭᠳᠠᠬᠤ ᠲᠤᠬᠠᠶᠢᠯᠠᠭᠰᠠᠨ ᠠᠵᠢᠯ ᠢ ᠳᠥᠭᠦᠮ᠂ ᠲᠦᠷᠭᠡᠨ᠂ ᠣᠨᠣᠪᠴᠢᠲᠠᠶ ᠪᠠᠷ ᠭᠦᠢᠴᠡᠳᠬᠡᠬᠦ ᠶᠢ ᠦᠡᠨᠡ ᠬᠦ ᠪᠠᠲᠤᠯᠠᠵᠤ᠂ ᠭᠠᠶᠢᠯᠢ ᠶᠢᠨ ᠲᠦᠷᠢᠮ ᠢ ᠬᠤᠪᠢᠷᠠᠭᠤᠯᠤᠯᠲᠠ ᠶᠢ ᠤᠷᠤᠭᠰᠢᠲᠠᠢ᠂ ᠲᠣᠭᠲᠠᠭᠤᠨ ᠪᠡᠶᠡᠯᠡᠭᠦᠯᠬᠦ ᠶᠢᠨ ᠲᠤᠰᠠᠳᠠ᠂ ᠦᠨᠦ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠲᠤᠪᠴᠢ ᠮᠡᠳᠡᠭᠳᠡᠪᠡ᠄      ᠨᠢᠭᠡ᠂ ᠵᠠᠩᠭᠢᠯᠠᠭ᠎ᠠ ᠶᠢᠨ ᠴᠠᠭ ᠬᠤᠭᠤᠴᠠᠭ᠎ᠠ ᠶᠢ ᠮᠡᠳᠡᠬᠦ ᠬᠡᠷᠡᠭᠲᠡᠶ      2016 ᠤᠨ ᠤ 4 ᠳ᠋ᠦ᠋ᠭᠡᠷ ᠰᠠᠷ᠎ᠠ ᠶᠢᠨ 30᠎ ᠤ ᠡᠳᠦᠷ ᠠᠴᠠ ᠡᠮᠦᠨ᠎ᠡ᠂ ᠲᠠ ᠲᠤᠬᠠᠶ ᠶᠢᠨ ᠭᠠᠵᠠᠷ ᠤᠨ ᠤᠯᠤᠰ ᠤᠨ ᠭᠠᠶᠢᠯᠢ ᠶᠢ ᠭᠤᠤᠯᠴᠢᠯᠠᠨ ᠬᠠᠮᠢᠶᠠᠷᠬᠤ ᠪᠠᠶᠢᠭᠤᠯᠭ᠎ᠠ ᠶᠢᠨ ᠳᠤᠬᠢᠷᠠᠭᠤᠯᠤᠯᠳᠠ ᠶᠢ ᠦᠨᠳᠦᠰᠦᠯᠡᠨ ᠳᠠᠩᠰᠠᠯᠠᠭᠤᠯᠬᠤ᠂ ᠦᠨᠡᠮᠰᠢᠭᠦᠯᠬᠦ ᠪᠠ ᠪᠠᠷᠢᠮᠲᠠ ᠭᠠᠷᠭᠠᠨ ᠠᠪᠴᠤ ᠬᠡᠷᠡᠭᠯᠡᠬᠦ ᠵᠡᠷᠭᠡ ᠵᠦᠢᠯᠡᠰ ᠢ ᠭᠦᠢᠴᠡᠳᠬᠡᠬᠦ ᠬᠡᠷᠡᠭᠲᠡᠢ᠃      2016 ᠤᠨ ᠤ 5 ᠳ᠋ᠤᠭᠠᠷ ᠰᠠᠷ᠎ᠠ ᠶᠢᠨ1᠎ ᠤ ᠡᠳᠦᠷ ᠠᠴᠠ ᠡᠬᠢᠯᠡᠨ᠂ ᠲᠠ ᠬᠠᠤᠯᠢ ᠲᠣᠭᠲᠠᠭᠠᠯ ᠶᠣᠰᠣᠭᠠᠷ ᠦᠷᠲᠡᠭ ᠤᠨ ᠨᠡᠮᠡᠭᠳᠡᠯ ᠤᠨ ᠭᠠᠶᠢᠯᠢ ᠶᠢᠨ ᠪᠠᠷᠢᠮᠲᠠ ᠬᠢᠵᠦ ᠦᠭᠬᠦ ᠪᠤᠶᠤ ᠤᠢᠷᠳᠡᠭ ᠤᠨ ᠨᠡᠮᠡᠭᠳᠡᠯ ᠤᠨ ᠭᠠᠶᠢᠯᠢ ᠶᠢᠨ ᠪᠠᠷᠢᠮᠲᠠ ᠶᠢ ᠣᠷᠣᠯᠠᠨ ᠬᠢᠵᠦ ᠦᠭᠬᠦ ᠪᠠᠷ ᠭᠤᠶᠤᠴᠢᠯᠠᠵᠤ ᠪᠤᠯᠤᠨ᠎ᠠ᠃      2016 ᠤᠨ ᠤ 5 ᠳ᠋ᠤᠭᠠᠷ ᠰᠠᠷ᠎ᠠ ᠶᠢᠨ 15᠎ ᠤ ᠡᠳᠦᠷ ᠠᠴᠠ ᠡᠮᠦᠨ᠎ᠡ᠂ ᠲᠠ ᠣᠷᠣᠨ ᠨᠤᠲᠤᠭ ᠤᠨ ᠭᠠᠶᠢᠯᠢ ᠶᠢᠨ ᠭᠤᠤᠯᠴᠢᠯᠠᠨ ᠬᠠᠮᠢᠶᠠᠷᠬᠤ ᠪᠠᠶᠢᠭᠤᠯᠭ᠎ᠠ ᠳᠤ 4 ᠳ᠋ᠦ᠋ᠭᠡᠷ ᠰᠠᠷ᠎ᠠ ᠶᠢᠨ ᠡᠴᠦᠰ ᠠᠴᠠ ᠡᠮᠦᠨᠡᠬᠢ ᠡᠵᠡᠩᠨᠡᠯᠲᠡ ᠶᠢᠨ ᠭᠠᠶᠢᠯᠢ ᠶᠢ ᠮᠡᠳᠡᠭᠦᠯᠦᠨ ᠲᠤᠰᠢᠶᠠᠬᠤ ᠬᠡᠷᠡᠭᠲᠡᠶ᠃      2016 ᠤᠨ ᠤ 6 ᠳ᠋ᠤᠭᠠᠷ ᠰᠠᠷ᠎ᠠ ᠶᠢᠨ 27᠎ ᠤ ᠡᠳᠦᠷ ᠠᠴᠠ ᠡᠮᠦᠨ᠎ᠡ᠂ ᠲᠠ ᠲᠤᠬᠠᠢ ᠶᠢᠨ ᠭᠠᠵᠠᠷ ᠤᠨ ᠤᠯᠤᠰ ᠤᠨ ᠭᠠᠶᠢᠯᠢ ᠶᠢᠨ ᠭᠤᠤᠯᠴᠢᠯᠠᠨ ᠬᠠᠮᠢᠶᠠᠷᠬᠤ ᠪᠠᠶᠢᠭᠤᠯᠤᠯᠭ᠎ᠠ ᠶᠢᠨ ᠲᠤᠬᠢᠷᠡᠭᠤᠯᠦᠯᠳᠠ ᠶᠢ ᠦᠨᠳᠦᠰᠦᠯᠡᠨ᠂ ᠦᠷᠳᠡᠭ ᠨᠡᠮᠡᠭᠳᠡᠯ ᠤᠨ ᠭᠠᠶᠢᠯᠢ ᠲᠤᠰᠢᠶᠠᠬᠤ ᠪᠠᠷ ᠭᠤᠶᠤᠴᠢᠯᠠᠬᠤ ᠬᠡᠷᠡᠭᠲᠡᠶ᠃      ᠬᠡᠷᠪᠡ ᠲᠠ ᠡᠵᠡᠩᠨᠡᠯᠲᠡ ᠶᠢᠨ ᠭᠠᠶᠢᠯᠢ ᠪᠠᠨ ᠤᠯᠠᠷᠢᠯ ᠢᠶᠠᠷ ᠲᠤᠰᠢᠶᠠᠬᠤ ᠭᠠᠶᠢᠯᠢ ᠲᠤᠰᠢᠶᠠᠭᠴᠢ ᠪᠤᠯ᠂ 2016 ᠤᠨ ᠤ 5 ᠳ᠋ᠤᠭᠠᠷ ᠰᠠᠷ᠎ᠠ ᠶᠢᠨ15᠎ ᠤ ᠡᠳᠦᠷ ᠠᠴᠠ ᠡᠮᠦᠨ᠎ᠡ᠂ ᠤᠤᠯ ᠤᠨ ᠣᠷᠣᠨ ᠨᠤᠲᠤᠭ ᠤᠨ ᠭᠠᠶᠢᠯᠢ ᠶᠢᠨ ᠭᠤᠤᠯᠴᠢᠯᠠᠨ ᠬᠠᠮᠢᠶᠠᠷᠬᠤ ᠪᠠᠶᠢᠭᠤᠯᠭ᠎ᠠ ᠳᠤ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨᠡᠬᠢ ᠡᠵᠡᠩᠨᠡᠯᠲᠡ ᠶᠢᠨ ᠭᠠᠶᠢᠯᠢ ᠪᠠᠨ ᠲᠤᠰᠢᠶᠠᠵᠤ᠂ 2016 ᠤᠨ ᠤ 7 ᠳ᠋ᠤᠭᠠᠷ ᠰᠠᠷ᠎ᠠ ᠶᠢᠨ 15᠎ ᠤ ᠡᠳᠦᠷ ᠠᠴᠠ ᠡᠮᠦᠨ᠎ᠡ ᠤᠯᠤᠰ ᠤᠨ ᠭᠠᠶᠢᠯᠢ ᠶᠢᠨ ᠭᠤᠤᠯᠴᠢᠯᠠᠨ ᠬᠠᠮᠢᠶᠠᠷᠬᠤ ᠪᠠᠶᠢᠭᠤᠯᠭ᠎ᠠ ᠳᠤ 5᠂ 6 ᠳ᠋ᠤᠭᠠᠷ ᠰᠠᠷ᠎ᠠ ᠶᠢᠨ ᠦᠷᠲᠡᠭ ᠤᠨ ᠨᠡᠮᠡᠭᠳᠡᠯ ᠤᠨ ᠭᠠᠶᠢᠯᠢ ᠪᠠᠨ ᠲᠤᠰᠢᠶᠠᠬᠤ ᠬᠡᠷᠡᠭᠲᠡᠢ᠃      ᠬᠡᠷᠪᠡ ᠲᠠ ᠨᠢᠭᠡᠨᠲᠡ ᠣᠯᠤᠭᠰᠠᠨ ᠦᠯᠤ ᠬᠥᠳᠡᠯᠬᠦ ᠭᠦᠷᠤᠩᠭᠡ ᠪᠠ ᠪᠠᠶᠢᠭᠠᠯᠢ ᠬᠥᠮᠦᠨ ᠤ ᠲᠤᠷᠢᠶᠡᠰᠦᠯᠡᠭᠦᠯᠦᠭᠰᠡᠨ ᠦᠯᠦ ᠬᠥᠳᠡᠯᠬᠦ ᠬᠦᠷᠦᠩᠭᠡ ᠶᠢ ᠬᠤᠳᠠᠯᠳᠤᠭᠰᠠᠨ ᠪᠤᠯ 2016 ᠤᠨ ᠤ 5 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠮᠥᠨ ᠬᠦ ᠦᠯᠦ ᠬᠥᠳᠡᠯᠬᠦ ᠬᠦᠷᠦᠩᠭᠡ ᠶᠢᠨ ᠪᠠᠶᠢᠭ᠎ᠠ ᠭᠠᠵᠠᠷ ᠤᠨ ᠤᠷᠤᠨ ᠨᠤᠲᠤᠭ ᠤᠨ ᠭᠠᠶᠢᠯᠢ ᠶᠢᠨ ᠭᠤᠤᠯᠴᠢᠯᠠᠨ ᠬᠠᠮᠢᠶᠠᠷᠬᠤ ᠪᠠᠶᠢᠭᠤᠯᠭ᠎ᠠ ᠳᠤ ᠦᠷᠳᠡᠭ ᠤᠨ ᠨᠡᠮᠡᠭᠳᠡᠯ ᠤᠨ ᠭᠠᠶᠢᠯᠢ ᠲᠤᠰᠢᠶᠠᠬᠤ ᠬᠡᠷᠡᠭᠲᠡᠶ᠃      ᠬᠤᠶᠠᠷ᠂ ᠪᠠᠷᠢᠮᠲᠠ ᠠᠪᠴᠤ ᠬᠡᠷᠡᠭᠯᠡᠬᠦ ᠶᠢ ᠡᠷᠲᠡ ᠮᠡᠳᠡᠬᠦ ᠬᠡᠷᠡᠭᠲᠡᠢ      2016 ᠤᠨ ᠤ 5 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠣᠷᠣᠨ ᠨᠤᠲᠤᠭ ᠤᠨ ᠭᠠᠶᠢᠯᠢ ᠶᠢᠨ ᠪᠠᠶᠢᠭᠤᠯᠭ᠎ᠠ ᠲᠠᠨ ᠳᠤ ᠲᠠᠬᠢᠵᠦ ᠪᠠᠷᠢᠮᠲᠠ ᠣᠯᠭᠤᠬᠤ ᠦᠭᠡᠢ᠃ ᠲᠠᠨ ᠤ ᠨᠢᠭᠡᠨᠲᠡ ᠠᠪᠤᠭᠰᠠᠨ ᠣᠷᠣᠨ ᠨᠤᠲᠤᠭ ᠤᠨ ᠭᠠᠶᠢᠯᠢ ᠶᠢᠨ ᠪᠠᠶᠢᠭᠤᠯᠭ᠎ᠠ ᠶᠢᠨ ᠳᠠᠷᠤᠮᠠᠯᠯᠠᠨ ᠵᠣᠬᠢᠶᠠᠭᠰᠠᠨ ᠪᠠᠷᠢᠮᠲᠠ ᠵᠢᠴᠢ ᠲᠤᠰ ᠨᠢᠭᠡᠴᠡ ᠶᠢᠨ ᠢᠶᠠᠨ ᠨᠡᠷ᠎ᠡ ᠶᠢ ᠳᠠᠷᠤᠮᠠᠯᠯᠠᠭᠰᠠᠨ ᠪᠠᠷᠢᠮᠲᠠ ᠪᠠᠨ2016 ᠤᠨ ᠤ 6 ᠳ᠋ᠤᠭᠠᠷ ᠰᠠᠷ᠎ᠠ ᠶᠢᠨ 30᠎ ᠤ ᠡᠳᠦᠷ ᠪᠣᠯᠲᠠᠯ᠎ᠠ ᠦᠷᠭᠦᠯᠵᠢᠯᠡᠨ ᠬᠡᠷᠡᠭᠯᠡᠵᠦ ᠪᠣᠯᠤᠨ᠎ᠠ᠃ 2016 ᠤᠨ ᠤ 5 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠬᠡᠷᠪᠡ ᠲᠠᠨ ᠳᠤ ᠦᠷᠳᠡᠭ ᠤᠨ ᠨᠡᠮᠡᠭᠳᠡᠯ ᠤᠨ ᠭᠠᠶᠢᠯᠢ ᠶᠢᠨ ᠲᠤᠰᠬᠠᠶ ᠪᠠᠷᠢᠮᠲᠠ ᠬᠡᠷᠡᠭ ᠲᠠᠢ ᠪᠤᠯ᠂ ᠲᠠ ᠤᠯᠤᠰ ᠤᠨ ᠭᠠᠶᠢᠯᠢ ᠶᠢᠨ ᠭᠤᠤᠯᠴᠢᠯᠠᠨ ᠬᠠᠮᠢᠶᠠᠷᠬᠤ ᠪᠠᠶᠢᠭᠤᠯᠭ᠎ᠠ ᠶᠢᠨ ᠲᠤᠬᠢᠷᠡᠭᠤᠯᠦᠯᠳᠠ ᠶᠢ ᠦᠨᠳᠦᠰᠦᠯᠡᠨ ᠪᠠᠷᠢᠮᠲᠠ ᠭᠠᠷᠭᠠᠨ ᠠᠪᠴᠤ ᠬᠡᠷᠡᠭᠯᠡᠬᠦ ᠭᠠᠷ ᠭᠠᠷᠳᠠᠮ ᠭᠦᠢᠴᠡᠳᠬᠡᠵᠦ ᠪᠤᠯᠤᠨ᠎ᠠ᠃      2016 ᠤᠨ ᠤ 5 ᠳ᠋ᠤᠭᠠᠷ ᠰᠠᠷ᠎ᠠ ᠶᠢᠨ 1᠎ ᠤ ᠡᠳᠦᠷ ᠠᠴᠠ ᠡᠮᠦᠨ᠎ᠡ᠂ ᠬᠡᠷᠪᠡ ᠲᠠ ᠣᠷᠣᠨ ᠨᠤᠲᠤᠭ ᠤᠨ ᠭᠠᠶᠢᠯᠢ ᠶᠢᠨ ᠭᠤᠤᠯᠴᠢᠯᠠᠨ ᠬᠠᠮᠢᠶᠠᠷᠬᠤ ᠪᠠᠶᠢᠭᠤᠯᠭ᠎ᠠ ᠳᠤ ᠨᠢᠭᠡᠨᠲᠡ ᠡᠵᠡᠩᠨᠡᠯᠲᠡ ᠶᠢᠨ ᠭᠠᠶᠢᠯᠢ ᠲᠤᠰᠢᠶᠠᠭᠠᠳ ᠬᠤᠳᠠᠯᠳᠤᠨ ᠠᠪᠤᠭᠴᠢ ᠲᠤ ᠪᠠᠷᠢᠮᠲᠠ ᠬᠢᠵᠦ ᠦᠭᠭᠦᠭᠡᠳᠦᠢ ᠪᠦᠭᠡᠳ ᠪᠠᠷᠢᠮᠲᠠ ᠨᠥᠬᠦᠪᠥᠷᠢᠯᠡᠬᠦ ᠴᠢᠬᠤᠯᠠᠲᠠᠶ ᠪᠤᠯ᠂ 2016 ᠤᠨ ᠤ 12 ᠳ᠋ᠤᠭᠠᠷ ᠰᠠᠷ᠎ᠠ ᠶᠢᠨ 31᠎ ᠤ ᠡᠳᠦᠷ ᠠᠴᠠ ᠡᠮᠦᠨ᠎ᠡ ᠦᠷᠳᠡᠭ ᠤᠨ ᠨᠡᠮᠡᠭᠳᠡᠯ ᠤᠨ ᠭᠠᠶᠢᠯᠢ ᠶᠢᠨ ᠡ᠊ᠩ ᠤᠨ ᠪᠠᠷᠢᠮᠲᠠ ᠬᠢᠵᠦ ᠦᠭᠴᠦ ᠪᠤᠯᠤᠨ᠎ᠠ᠃      ᠭᠤᠷᠪᠠ᠂ ᠲᠥᠷᠥ ᠶᠢᠨ ᠪᠤᠳᠤᠯᠭ᠎ᠠ ᠶᠢ ᠤᠯᠠᠨ ᠠᠷᠭ᠎ᠠ ᠵᠠᠮ ᠢᠶᠠᠷ ᠤᠶᠢᠯᠭᠠᠬᠤ ᠬᠡᠷᠡᠭᠲᠡᠢ      ᠡᠵᠡᠩᠨᠡᠯᠲᠡ ᠶᠢᠨ ᠭᠠᠶᠢᠯᠢ ᠶᠢ ᠥᠷᠲᠡᠭ ᠤᠨ ᠨᠡᠮᠡᠭᠳᠡᠯ ᠤᠨ ᠭᠠᠶᠢᠯᠢ ᠪᠤᠯᠭᠠᠨ ᠦᠭᠡᠷᠡᠴᠢᠯᠡᠨ‌‍ᠲ᠋ᠠᠲᠠᠪᠤᠷᠢᠯᠠᠬᠤ ᠳᠤ ᠬᠤᠯᠪᠣᠭᠳᠠᠬᠤ ᠭᠠᠶᠢᠯᠢ ᠶᠢᠨ ᠳᠦᠷᠢᠮ ᠤᠨ ᠰᠣᠯᠢᠭᠳᠠᠯ ᠪᠠ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠨᠢ ᠨᠡᠯᠢᠶᠡᠳ ᠨᠠᠷᠢᠨ ᠪᠤᠳᠤᠯᠢᠶᠠᠨ ᠲᠠᠢ ᠶᠤᠮ᠃ ᠲᠠ ᠪᠦᠬᠦᠨ ᠤ ᠲᠤᠬᠠᠶ ᠶᠢᠨ ᠭᠠᠵᠠᠷ ᠤᠨ ᠭᠠᠶᠢᠯᠢ ᠶᠢᠨ ᠪᠠᠶᠢᠭᠤᠯᠭ᠎ᠠ ᠶᠢᠨ ᠵᠣᠬᠢᠶᠠᠨ ᠪᠠᠶᠢᠭᠤᠯᠤᠭᠰᠠᠨ ᠲᠥᠷᠥ ᠶᠢᠨ ᠪᠤᠳᠤᠯᠭ᠎ᠠ ᠶᠢᠨ ᠲᠤᠬᠠᠢ ᠰᠦᠢᠳᠬᠡᠯ ᠬᠤᠷᠢᠶᠠᠬᠤ ᠦᠭᠡᠢ ᠪᠣᠯᠪᠠᠰᠤᠷᠠᠭᠤᠯᠤᠯ ᠪᠠ ᠬᠠᠪᠰᠤᠷᠤᠨ ᠵᠢᠯᠣᠭᠤᠳᠬᠤ ᠳᠤ ᠢᠳᠡᠪᠬᠢᠲᠡᠢ ᠤᠷᠤᠯᠴᠠᠵᠤ᠂ ᠡᠵᠡᠩᠨᠡᠯᠲᠡ ᠶᠢᠨ ᠭᠠᠶᠢᠯᠢ ᠶᠢ ᠥᠷᠲᠡᠭ ᠤᠨ ᠨᠡᠮᠡᠭᠳᠡᠯ ᠤᠨ ᠭᠠᠶᠢᠯᠢ ᠪᠤᠯᠭᠠᠨ ᠦᠭᠡᠷᠡᠴᠢᠯᠡᠨ ᠲᠠᠲᠠᠪᠤᠷᠢᠯᠠᠬᠤ ᠲᠦᠷᠦ ᠶᠢᠨ ᠪᠤᠳᠤᠯᠭ᠎ᠠ ᠵᠢᠴᠢ ᠲᠠᠲᠠᠪᠤᠷᠢᠯᠠᠨ ᠬᠠᠮᠢᠶᠠᠷᠬᠤ ᠠᠵᠢᠯᠯᠠᠭᠠᠨ ᠤ ᠴᠤᠪᠤᠷᠠᠯ ᠢ ᠲᠦᠷᠭᠡᠬᠡᠨ ᠡᠵᠡᠮᠰᠢᠨ ᠤᠶᠢᠯᠭᠠᠬᠤ ᠶᠢ ᠪᠠᠶᠠᠷᠯᠠᠨ ᠤᠭᠳᠤᠵᠤ ᠪᠠᠶᠢᠨ᠎ᠠ᠃ ᠲᠠ ᠬᠡᠷᠪᠡ ᠡᠵᠡᠩᠨᠡᠯᠲᠡ ᠶᠢᠨ ᠭᠠᠶᠢᠯᠢ ᠶᠢ ᠥᠷᠲᠡᠭ ᠤᠨ ᠨᠡᠮᠡᠭᠳᠡᠯ ᠤᠨ ᠭᠠᠶᠢᠯᠢ ᠪᠤᠯᠭᠠᠨ ᠦᠭᠡᠷᠡᠴᠢᠯᠡᠨ ᠲᠠᠲᠠᠪᠤᠷᠢᠯᠠᠬᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠨᠠᠷᠢᠨ ᠲᠣᠳᠣᠷᠬᠠᠶ ᠤᠶᠢᠯᠭᠠᠶ᠎ᠠ ᠭᠡᠪᠡᠯ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶᠠᠨ ᠤ ᠰᠦᠯᠵᠢᠶ᠎ᠡ ︵ᠨᠧᠲ ᠬᠠᠶ᠋ᠢᠭ: www.chinatax.gov.cn︶᠎ ᠳᠤ ᠭᠠᠷᠬᠤ ᠪᠤᠶᠤ ᠭᠠᠶᠢᠯᠢ ᠲᠤᠰᠢᠶᠠᠬᠤ ᠦᠢᠯᠡᠴᠢᠯᠡᠭᠡᠨ ᠤ ᠰᠢᠭᠤᠳ ᠤᠲᠠᠰᠤ 12366᠎ ᠳᠤ ᠤᠲᠠᠰᠳᠤᠬᠤ ᠡᠰᠡᠬᠦᠯ᠎ᠡ ︽ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ︾᠎ ᠶᠢᠨ ᠪᠢᠴᠢᠯ ᠪᠯᠤᠭ᠂ ᠸᠧᠴᠠᠲ ᠪᠣᠯᠤᠨ ᠵᠣᠴᠢᠨ ᠡᠷᠥᠭᠡ ᠶᠢᠨ ᠲᠠᠪᠴᠠᠩ ᠢ ᠠᠩᠬᠠᠷᠬᠤ᠂ ᠡᠰᠡᠬᠦᠯ᠎ᠡ ᠲᠤᠬᠠᠶ ᠶᠢᠨ ᠭᠠᠵᠠᠷ ᠤᠨ ᠤᠯᠤᠰ ᠤᠨ ᠭᠠᠶᠢᠯᠢ ᠶᠢᠨ ᠪᠠᠶᠢᠭᠤᠯᠭ᠎ᠠ ᠶᠢᠨ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠳᠤ ᠬᠦᠷᠴᠦ ᠵᠥᠪᠯᠡᠯᠭᠡ ᠠᠪᠴᠦ ᠪᠤᠯᠤᠨ᠎ᠠ᠂ ᠪᠢᠳᠡ ᠦᠨᠡᠨ ᠰᠡᠳᠬᠢᠯ ᠠᠴᠠ ᠪᠠᠨ ᠲᠠᠨ ᠎ ᠳᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠵᠥᠪᠯᠡᠯᠭᠡ ᠥᠭᠬᠦ ᠦᠢᠯᠡᠴᠢᠯᠡᠭᠡ ᠬᠠᠩᠭᠠᠨ᠎ᠠ᠃      ᠡᠷᠬᠢᠮ ᠬᠦᠨᠳᠦᠲᠦ ᠡᠵᠡᠩᠨᠡᠯᠲᠡ ᠶᠢᠨ ᠭᠠᠶᠢᠯᠢ ᠶᠢ ᠦᠷᠳᠡᠭ ᠤᠨ ᠨᠡᠮᠡᠭᠳᠡᠯ ᠤᠨ ᠭᠠᠶᠢᠯᠢ ᠪᠤᠯᠭᠠᠨ ᠲᠤᠰᠢᠶᠠᠭᠴᠢᠳ ᠡ᠂ ᠡᠨᠡ ᠤᠳᠠᠭ᠎ᠠ ᠡᠵᠡᠩᠨᠡᠯᠲᠡ ᠶᠢᠨ ᠭᠠᠶᠢᠯᠢ ᠶᠢ ᠥᠷᠲᠡᠭ ᠤᠨ ᠨᠡᠮᠡᠭᠳᠡᠯ ᠤᠨ ᠭᠠᠶᠢᠯᠢ ᠪᠤᠯᠭᠠᠨ ᠦᠭᠡᠷᠡᠴᠢᠯᠡᠨ ᠲᠠᠲᠠᠪᠤᠷᠢᠯᠠᠬᠤ ᠶᠢ ᠪᠦᠬᠦ ᠲᠠᠯ᠎ᠠ ᠪᠠᠷ ᠬᠡᠷᠡᠭᠵᠢᠭᠦᠯᠬᠦ ᠨᠢ ᠴᠠᠭ ᠪᠠᠴᠢᠮ᠂ ᠡᠭᠦᠷᠭᠡ ᠬᠦᠨᠳᠦ ᠶᠤᠮ᠂ ᠬᠡᠷᠪᠡ ᠭᠠᠶᠢᠯᠢ ᠶᠢᠨ ᠲᠦᠷᠢᠮ ᠤᠨ ᠰᠣᠯᠢᠭᠳᠠᠯ ᠨᠢ ᠲᠠᠨ ᠳᠤ ᠲᠦᠷ ᠴᠠᠭ ᠤᠨ ᠳᠥᠭᠦᠮ ᠪᠤᠰᠤ ᠶᠢ ᠦᠵᠡᠭᠦᠯᠦᠭᠰᠡᠨ ᠪᠤᠯ ᠠᠭᠤᠴᠢᠯᠠᠭᠠᠷᠠᠢ᠃ ᠪᠢᠳᠡ ᠪᠦᠬᠦ ᠬᠦᠴᠦᠨ ᠢᠶᠠᠷ ᠢᠶᠠᠨ ᠠᠵᠢᠯ ᠢᠶᠠᠨ ᠰᠠᠶᠢᠲᠤᠷ ᠬᠢᠵᠦ᠂ ᠭᠠᠶᠢᠯᠢ ᠲᠤᠰᠢᠶᠠᠬᠤ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠳᠥᠭᠦᠮ ᠦᠭᠡᠢ ᠵᠦᠢᠯ ᠢ ᠭᠠᠶᠢᠯᠢ ᠲᠠᠲᠠᠪᠤᠷᠢᠯᠠᠭᠴᠢᠳ ᠲᠤ ᠦᠯᠡᠳᠡᠭᠡᠨ ᠦᠭᠴᠦ᠂ ᠳᠦᠬᠦᠮ ᠵᠦᠢᠯ ᠢ ᠭᠠᠶᠢᠯᠢ ᠲᠤᠰᠢᠶᠠᠭᠴᠢ ᠳᠤ ᠤᠯᠭᠤᠵᠤ᠂ ᠡᠵᠡᠩᠨᠡᠯᠲᠡ ᠶᠢᠨ ᠭᠠᠶᠢᠯᠢ ᠶᠢ ᠥᠷᠲᠡᠭ ᠤᠨ ᠨᠡᠮᠡᠭᠳᠡᠯ ᠤᠨ ᠭᠠᠶᠢᠯᠢ ᠪᠤᠯᠭᠠᠨ ᠦᠭᠡᠷᠡᠴᠢᠯᠡᠨ ᠲᠠᠲᠠᠪᠤᠷᠢᠯᠠᠬᠤ ᠶᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠨ᠎ᠠ︕      ᠬᠠᠮᠤᠭ ᠡᠴᠦᠰ ᠲᠤ᠂ ᠲᠠᠨ ᠤ ᠤᠶᠢᠯᠭᠠᠬᠤ᠂ ᠳᠡᠮᠵᠢᠬᠦ ᠪᠠ ᠬᠠᠮᠵᠢᠯᠴᠠᠬᠤ ᠳᠤ ᠳᠠᠬᠢᠨᠲᠠ ᠲᠠᠯᠠᠷᠬᠠᠬᠤ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕      ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠡᠵᠡᠩᠨᠡᠯᠲᠡ ᠶᠢᠨ ᠭᠠᠶᠢᠯᠢ ᠶᠢ ᠥᠷᠲᠡᠭ ᠤᠨ ᠨᠡᠮᠡᠭᠳᠡᠯ ᠤᠨ ᠭᠠᠶᠢᠯᠢ ᠪᠤᠯᠭᠠᠨ ᠦᠭᠡᠷᠡᠴᠢᠯᠡᠨ ᠲᠠᠲᠠᠪᠤᠷᠢᠯᠠᠬᠤ ᠶᠢ ᠱᠠᠭᠠᠷᠳᠠᠨ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ      2016 ᠤᠨ ᠤ 4 ᠳ᠋ᠦ᠋ᠭᠡᠷ ᠰᠠᠷ᠎ᠠ ᠶᠢᠨ 20᠎ ᠤ ᠡᠳᠦᠷ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号