ᠨᠢᠭᠡᠳᠦᠭᠡᠷ ᠤᠯᠠᠷᠢᠯ ᠳᠤ ᠬᠥᠯᠥᠨ ᠪᠤᠶᠢᠷ ᠬᠤᠲᠠ ᠶᠢᠨ GDP 7. 0%᠎ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2016/4/26
     2016 ᠣᠨ ᠤ ᠨᠢᠭᠡᠳᠦᠭᠡᠷ ᠤᠯᠠᠷᠢᠯ ᠳᠤ᠂ ᠬᠥᠯᠥᠨ ᠪᠤᠶᠢᠷ ᠬᠤᠳᠠ ᠶᠢᠨ GDP᠎ ᠶᠢᠨ ᠨᠡᠮᠡᠭᠳᠡᠯ ᠦᠷᠲᠡᠭ 261.80 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ ᠠᠳᠠᠯᠢ ᠬᠤᠭᠤᠴᠠᠭᠠᠨ ᠤ ᠬᠢ ᠠᠴᠠ 7. 0% ᠨᠡᠮᠡᠭᠳᠡᠪᠡ᠃       ᠠᠵᠦ ᠦᠢᠯᠡᠰ ᠤᠨ ᠪᠠᠶᠢᠳᠠᠯ ᠠᠴᠠ ᠦᠵᠡᠪᠡᠯ᠂ ᠨᠢᠭᠡᠳᠦᠭᠡᠷ ᠠᠵᠦ ᠦᠢᠯᠡᠰ 20.40 ᠳ᠋ᠦᠩᠰᠢᠭᠤᠷ ᠲᠦᠬᠦᠷᠢᠭ ᠤᠨ ᠨᠡᠮᠡᠭᠳᠡᠯ ᠦᠷᠳᠡᠭ ᠢ ᠪᠡᠶᠡᠯᠡᠭᠦᠯᠵᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ ᠠᠳᠠᠯᠢ ᠬᠤᠭᠤᠴᠠᠭᠠᠨ ᠤ ᠬᠢ ᠠᠴᠠ 3.1%᠎ ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ 107.3 ᠳ᠋ᠦᠩᠰᠢᠭᠤᠷ ᠲᠥᠭᠦᠷᠢᠭ ᠤᠨ ᠨᠡᠮᠡᠭᠳᠡᠯ ᠦᠷᠲᠡᠭ ᠢ ᠪᠡᠶᠡᠯᠡᠭᠦᠯᠵᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ ᠠᠳᠠᠯᠢ ᠬᠤᠭᠤᠴᠠᠭᠠᠨ ᠤ ᠬᠢ ᠠᠴᠠ 7.4% ᠨᠡᠮᠡᠭᠳᠡᠵᠡᠢ᠂ ᠡᠭᠦᠨ ᠳᠤ᠂ ᠠᠵᠤ ᠦᠢᠯᠡᠳᠪᠦᠷᠢ ᠶᠢᠨ ᠪᠦᠬᠦ ᠨᠡᠮᠡᠭᠳᠡᠯ ᠦᠷᠲᠡᠭ106.65 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ ᠠᠳᠠᠯᠢ ᠬᠤᠭᠤᠴᠠᠭᠠᠨ ᠤ ᠬᠢ ᠠᠴᠠ 7.4% ᠨᠡᠮᠡᠭᠳᠡᠵᠦ᠂ ᠪᠠᠷᠢᠯᠭ᠎ᠠ ᠶᠢᠨ ᠦᠢᠯᠡᠰ 0.68 ᠳ᠋ᠦᠩᠰᠢᠭᠤᠷ ᠲᠥᠭᠦᠷᠢᠭ ᠤᠨ ᠨᠡᠮᠡᠭᠳᠡᠯ ᠦᠷᠲᠡᠭ ᠢ ᠪᠡᠶᠡᠯᠡᠭᠦᠯᠵᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ ᠠᠳᠠᠯᠢ ᠬᠤᠭᠤᠴᠠᠭᠠᠨ ᠤ ᠬᠢ ᠠᠴᠠ 6.5% ᠨᠡᠮᠡᠭᠳᠡᠪᠡ︔ ᠭᠤᠷᠪᠠᠳᠤᠭᠠᠷ ᠠᠵᠤ ᠦᠢᠯᠡᠰ134.07 ᠳ᠋ᠦᠩᠰᠢᠭᠤᠷ ᠲᠥᠭᠦᠷᠢᠭ ᠤᠨ ᠨᠡᠮᠡᠭᠳᠡᠯ ᠦᠷᠲᠡᠭ ᠢ ᠪᠡᠶᠡᠯᠡᠭᠦᠯᠵᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ ᠠᠳᠠᠯᠢ ᠬᠤᠭᠤᠴᠠᠭᠠᠨ ᠤ ᠬᠢ ᠠᠴᠠ 7.5%᠎ ᠪᠠᠷ ᠨᠡᠮᠡᠭᠳᠡᠪᠡ᠃      ᠠᠵᠤ ᠦᠢᠯᠡᠰ ᠤᠨ ᠬᠤᠪᠢ ᠨᠡᠮᠡᠷᠢ ᠦᠵᠡᠭᠦᠯᠦᠭᠰᠡᠨ ᠨᠤᠷᠮ᠎ᠠ ᠶᠢᠨ ᠪᠠᠶᠢᠳᠠᠯ ᠠᠴᠠ ᠦᠵᠡᠪᠡᠯ᠂ ᠨᠢᠭᠡᠳᠦᠭᠡᠷ ᠠᠵᠤ ᠦᠢᠯᠡᠰ ᠤᠨ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠨᠢ 4.01% ᠪᠠᠶᠢᠵᠤ᠂ GDP᠎ ᠶᠢᠨ ᠨᠡᠮᠡᠭᠳᠡᠯ ᠢ0.3 ᠵᠠᠭᠤᠨ ᠤ ᠬᠤᠪᠢ ᠳᠠᠶᠢᠴᠢᠯᠠᠪᠠ︔ ᠬᠤᠶᠠᠳᠤᠭᠠᠷ ᠠᠵᠤ ᠦᠢᠯᠡᠰ ᠤᠨ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠨᠢ 44.4% ᠪᠠᠶᠢᠵᠤ᠂ GDP᠎ ᠶᠢᠨ ᠨᠡᠮᠡᠭᠳᠡᠯ ᠢ 3.1 ᠵᠠᠭᠤᠨ ᠤ ᠬᠤᠪᠢ ᠳᠠᠶᠢᠴᠢᠯᠠᠪᠠ︔ ᠭᠤᠷᠪᠠᠳᠤᠭᠠᠷ ᠠᠵᠤ ᠦᠢᠯᠡᠰ ᠤᠨ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠨᠢ 51.6% ᠪᠠᠶᠢᠵᠤ᠂ GDP᠎ ᠶᠢᠨ ᠨᠡᠮᠡᠭᠳᠡᠯ ᠢ3.6 ᠵᠠᠭᠤᠨ ᠤ ᠬᠤᠪᠢ ᠳᠠᠶᠢᠴᠢᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号