4 ᠳ᠋ᠦ᠋ᠭᠡᠷ ᠰᠠᠷ᠎ᠠ ᠶᠢᠨ 20 ᠤ ᠡᠳᠦᠷ᠂ ᠪᠦᠬᠦ ᠣᠷᠣᠨ ᠤ ᠢᠳᠡᠭᠡᠨ ᠡᠮ ᠤᠨ ᠵᠦᠢᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠬᠤᠷᠠᠯ ᠬᠥᠬᠡᠬᠤᠲᠠ ᠳᠤ ᠬᠤᠷᠠᠯᠳᠤᠪᠠ᠂ ︽ | ᠢᠳᠡᠭᠡᠨ ᠤ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠦᠬᠦ ᠣᠷᠣᠨ ᠤ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠤ ᠪᠠᠲᠤᠯᠠᠭ᠎ᠠ ᠶᠢ | ᠴᠢᠩᠭᠠᠳᠬᠠᠬᠤ ᠵᠡᠷᠭᠡ ᠠᠵᠢᠯ ᠢ ᠪᠠᠶᠢᠷᠢᠯᠠᠭᠤᠯᠤᠨ ᠲᠤᠬᠢᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠪᠦ᠋ ᠰᠢᠶᠤᠤ ᠯᠢᠨ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠲᠡᠷᠡ ᠴᠢᠬᠤᠯᠠᠴᠢᠯᠠᠭᠰᠠᠨ ᠨᠢ ᠂ ᠠᠷᠠᠳ ᠲᠦᠮᠡᠨ ᠢᠶᠠᠷ ᠭᠤᠣᠯ | ᠪᠣᠯᠭᠠᠭᠰᠠᠨ ᠬᠥᠭᠵᠢᠯᠲᠡ ᠶᠢᠨ ᠤᠨᠤᠯᠵᠢᠬᠤᠨ ᠢ ᠪᠠᠲᠤ ᠪᠠᠬᠢ ᠪᠤᠢ ᠪᠣᠯᠭᠠᠵᠤ᠂ ︽ᠳᠦᠷᠪᠡᠨ ᠬᠠᠮᠤᠭ ᠤᠨ ᠴᠢᠩᠭ᠎ᠠ︾ | ᠶᠢᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠢᠳᠡᠭᠡᠨ ᠡᠮ ᠤᠨ ᠵᠦᠢᠯ ᠢ ᠬᠢᠨᠠᠨ ᠬᠠᠮᠢᠶᠠᠷᠬᠤ | ᠴᠢᠳᠠᠪᠤᠷᠢ ᠪᠠᠨ ᠳᠡᠭᠡᠭᠰᠢᠯᠡᠭᠦᠯᠵᠦ᠂ ᠠᠷᠠᠳ ᠣᠯᠠᠨ ᠤ ︽ᠬᠡᠯᠡᠨ ᠳᠡᠭᠡᠷᠡᠬᠢ ᠠᠮᠤᠷ ᠲᠦᠪᠰᠢᠨ︾ ᠢ ᠦᠨᠡᠨ ᠬᠦ | ᠪᠠᠲᠤᠯᠠᠬᠤ ᠬᠡᠷᠡᠭᠲᠡᠶ ᠭᠡᠪᠡ᠃ | ᠪᠦ᠋ ᠰᠢᠶᠤᠤ ᠯᠢᠨ ᠵᠢᠭᠠᠭᠰᠠᠨ ᠨᠢ᠂ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠪᠤᠯ ᠲᠦᠭ ᠲᠦᠮᠡᠨ | ᠠᠶᠢᠯ ᠡᠷᠤᠬᠡ ᠶᠢᠨ ᠵᠣᠯ ᠵᠢᠷᠭᠠᠯ ᠲᠠᠢ ᠬᠤᠯᠪᠤᠭᠳᠠᠵᠤ᠂ ᠬᠥᠮᠦᠨ ᠨᠢᠭᠡᠪᠦᠷᠢ ᠶᠢᠨ ᠡᠷᠡᠭᠦᠯ ᠮᠡᠨᠳᠦ ᠶᠢᠨ ᠠᠮᠤᠷ | ᠲᠦᠪᠰᠢᠨ ᠲᠠᠢ ᠬᠤᠯᠪᠤᠭᠳᠠᠵᠤ᠂ ᠬᠠᠮᠤᠭ ᠤᠨ ᠳᠤᠮᠦ ᠠᠷᠠᠳ ᠤᠨ ᠠᠮᠢᠳᠤᠷᠠᠯ᠂ ᠬᠠᠮᠤᠭ ᠤᠨ ᠨᠠᠭᠠᠳᠤ ᠵᠠᠬ᠎ᠠ ᠶᠢᠨ | ᠣᠯᠠᠨ ᠨᠡᠶᠢᠲᠡ ᠶᠢᠨ ᠠᠮᠤᠷ ᠲᠦᠪᠰᠢᠨ ᠮᠦᠨ᠃ ᠣᠳᠣᠬᠠᠨ ᠤ ᠢᠳᠡᠭᠡᠨ ᠡᠮ ᠤᠨ ᠵᠦᠢᠯ ᠤᠨ ᠠᠮᠤᠷ ᠲᠦᠪᠰᠢᠨ | ᠳᠤ ᠲᠤᠯᠭᠠᠷᠠᠵᠤ ᠪᠠᠶᠢᠭ᠎ᠠ ᠬᠠᠲᠠᠭᠤ ᠴᠢᠩᠭ᠎ᠠ ᠪᠠᠶᠢᠳᠠᠯ ᠪᠣᠯᠤᠨ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠤ | ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠢᠳᠡᠭᠡᠨ ᠡᠮ ᠤᠨ ᠵᠦᠢᠯ ᠤᠨ | ᠠᠮᠤᠷ ᠲᠦᠪᠰᠢᠨ ᠢ ᠪᠠᠲᠤᠯᠠᠬᠤ ᠶᠢ ᠠᠷᠠᠳ ᠤᠨ ᠠᠮᠢᠳᠤᠷᠠᠯ ᠤᠨ ᠶᠡᠭᠡ ᠶᠠᠪᠤᠳᠠᠯ᠂ ᠬᠥᠭᠵᠢᠯᠲᠡ ᠶᠢᠨ ᠢᠨᠵᠧᠨᠧᠷᠢᠩ | ᠪᠠ ᠤᠯᠤᠰ ᠲᠦᠷᠦ ᠶᠢᠨ ᠡᠭᠦᠷᠭᠡ ᠪᠣᠯᠭᠠᠨ ᠠᠳᠬᠤᠬᠤ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ︽ | ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠮᠤᠭ ᠤᠨ ᠴᠢᠩᠭ᠎ᠠ | ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠬᠦᠨᠳᠦ ᠵᠠᠯᠬᠠᠭᠠᠯ ᠰᠢᠳᠬᠡᠯ᠂ | ᠬᠠᠮᠤᠭ ᠤᠨ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠬᠦ ᠪᠠᠷ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠤ | ᠵᠠᠰᠠᠯᠲᠠ ᠶᠢᠨ ᠰᠢᠨᠵᠢᠯᠡᠬᠦ ᠤᠬᠠᠭᠠᠨᠴᠢ ᠪᠦᠷᠢᠨ ᠲᠡᠭᠦᠯᠳᠡᠷ ᠰᠢᠰᠲ᠋ᠧᠮᠵᠢ ᠶᠢ ᠲᠦᠷᠭᠡᠳᠬᠡᠨ ᠪᠠᠶᠢᠭᠤᠯᠬᠤ ᠬᠡᠷᠡᠭᠲᠡᠢ᠃ | ᠶᠠᠭᠤ ᠳᠤᠲᠠᠭᠳᠠᠵᠤ ᠪᠠᠶᠢᠪᠠᠯ ᠶᠠᠭᠤ ᠨᠥᠬᠦᠪᠥᠷᠢᠯᠡᠬᠦ ᠵᠠᠷᠴᠢᠮ ᠶᠤᠰᠤᠭᠠᠷ᠂ ᠢᠳᠡᠭᠡᠨ ᠤ ᠠᠮᠤᠷ ᠲᠦᠪᠰᠢᠨ ᠤ ᠣᠷᠣᠨ | ᠨᠤᠲᠤᠭ ᠤᠨ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠬᠠᠤᠯᠢ ᠪᠠᠷ ᠵᠠᠰᠠᠬᠤ | ᠰᠡᠳᠬᠢᠬᠦᠶ ᠶᠢ ᠪᠤᠢ ᠪᠤᠯᠭᠠᠵᠤ᠂ ᠬᠢᠨᠠᠨ ᠬᠠᠮᠢᠶᠠᠷᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ | ᠢᠳᠡᠭᠡᠨ ᠤ ᠠᠮᠤᠷ ᠲᠦᠪᠰᠢᠨ ᠤ ᠮᠥᠷᠳᠡᠬᠦ ᠰᠢᠰᠲ᠋ᠧᠮᠵᠢ ᠶᠢ ᠪᠠᠶᠢᠭᠤᠯᠵᠤ᠂ ᠡᠯ᠎ᠡ ᠭᠤᠭᠴᠤᠭ᠎ᠠ ᠶᠢᠨ ᠶᠠᠰᠤ | ᠴᠢᠨᠠᠷ ᠤᠨ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠶ᠃ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠳᠤ ᠥᠴᠦᠬᠡᠨ ᠴᠦ ᠢᠯᠳᠠᠷ ᠬᠠᠶᠠᠬᠤ ᠪᠠᠶᠢᠵᠤ᠂ ᠬᠠᠤᠯᠢ ᠶᠣᠰᠣᠭᠠᠷ ᠬᠠᠷᠢᠭᠤᠴᠠᠯᠭ᠎ᠠ ᠪᠠᠨ | ᠭᠦᠢᠴᠡᠳᠬᠡᠬᠦ ᠦᠭᠡᠢ᠂ ᠬᠠᠷᠢᠭᠤᠴᠠᠯᠭ᠎ᠠ ᠪᠠᠨ ᠭᠦᠢᠴᠡᠳᠬᠡᠭᠰᠡᠨ ᠨᠢ ᠬᠦᠷᠦᠯᠴᠡᠬᠦ ᠦᠭᠡᠢ ᠨᠢᠭᠡᠴᠡ ᠪᠠ ᠰᠠᠯᠠᠭ᠎ᠠ | ᠮᠥᠴᠢᠷ ᠤᠳ ᠠᠴᠠ ᠬᠠᠤᠯᠢ ᠴᠠᠭᠠᠵᠠ ᠰᠠᠬᠢᠯᠭ᠎ᠠ ᠪᠠᠲᠤ ᠶᠢᠨ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ᠂ ᠤᠯᠠᠨ | ᠲᠦᠮᠡᠨ ᠤ ᠬᠡᠷᠡᠭᠯᠡᠭᠡ ᠶᠢᠨ ᠢᠲᠡᠭᠡᠯ ᠪᠠ ᠵᠠᠰᠠᠭ ᠤᠨ ᠣᠷᠳᠣᠨ ᠤ ᠢᠲᠡᠭᠡᠭᠦᠯᠬᠦ ᠬᠦᠴᠦᠨ ᠢ ᠲᠠᠰᠤᠷᠠᠯᠲᠠ ᠦᠭᠡᠶ | ᠳᠡᠭᠡᠭᠰᠢᠯᠡᠭᠦᠯᠬᠦ ᠬᠡᠷᠡᠭᠲᠡᠶ ᠭᠡᠪᠡ᠃ | ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ | ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ᠂ 4 ᠳ᠋ᠦ᠋ᠭᠡᠷ ᠰᠠᠷ᠎ᠠ ᠶᠢᠨ ᠳᠤᠮᠳᠠᠴᠢ ᠠᠴᠠ 7 ᠳ᠋ᠤᠭᠠᠷ ᠰᠠᠷ᠎ᠠ ᠶᠢᠨ ᠳᠤᠮᠳᠠᠴᠢ | ᠪᠤᠯᠲᠠᠯ᠎ᠠ᠂ ᠢᠳᠡᠭᠡᠨ ᠤ ᠠᠮᠤᠷ ᠲᠦᠪᠰᠢᠨ ᠤ ᠬᠠᠤᠯᠢ ᠲᠠᠢ ᠤᠶᠠᠯᠳᠤᠭᠤᠯᠤᠨ᠂ ᠪᠦᠬᠦ ᠣᠷᠣᠨ ᠤ ᠬᠡᠪᠴᠢᠶᠡᠨ ᠤ | ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠢ ᠭᠦᠨᠵᠡᠭᠡᠶ ᠦᠷᠨᠢᠭᠦᠯᠬᠦ ᠪᠠᠷ ᠲᠤᠭᠳᠠᠭᠠᠪᠠ᠃ | ᠡᠯ᠎ᠡ ᠠᠶᠢᠮᠠᠭ ᠬᠤᠳᠠ᠂ ᠬᠤᠰᠢᠭᠤ ᠰᠢᠶᠠᠨ ᠵᠢᠭᠰᠠᠭᠠᠨ ᠪᠠᠶᠢᠴᠠᠭᠠᠵᠤ ᠴᠡᠭᠴᠡᠯᠡᠨ ᠥᠭᠡᠷᠡᠴᠢᠯᠡᠬᠦ ᠠᠵᠢᠯ ᠢ ᠤᠯᠤᠰ | ᠲᠦᠷᠦ ᠶᠢᠨ ᠡᠭᠦᠷᠭᠡ ᠪᠣᠯᠭᠠᠵᠤ᠂ ᠨᠢᠭᠡᠳᠦᠭᠡᠷ ᠭᠠᠷ ᠪᠡᠶ᠎ᠡ ᠪᠠᠷ ᠢᠶᠠᠨ ᠠᠳᠬᠤᠬᠤ ᠬᠡᠷᠡᠭᠲᠡᠶ᠃ ︽ᠢᠳᠡᠭᠡᠨ ᠤ ᠠᠮᠤᠷ | ᠲᠦᠪᠰᠢᠨ ᠤ ᠬᠠᠤᠯᠢ︾ ᠶᠢᠨ ᠲᠣᠭᠲᠠᠭᠠᠯ ᠪᠠ ᠵᠢᠭᠰᠠᠭᠠᠨ ᠪᠠᠶᠢᠴᠠᠭᠠᠵᠤ ᠴᠡᠭᠴᠡᠯᠡᠨ ᠥᠭᠡᠷᠡᠴᠢᠯᠡᠬᠦ ᠱᠠᠭᠠᠷᠳᠠᠯᠭ᠎ᠠ | ᠲᠠᠢ ᠬᠠᠷᠢᠴᠠᠭᠤᠯᠤᠨ᠂ ᠵᠦᠢᠯ ᠳᠠᠷᠠᠭᠠᠯᠠᠨ ᠵᠠᠳᠠᠯᠤᠨ ᠰᠢᠨᠵᠢᠯᠡᠵᠦ᠂ ᠨᠢᠭᠡᠳ ᠨᠢᠭᠡ ᠪᠠᠷ ᠨᠢ ᠨᠠᠶᠢᠳᠠᠪᠤᠷᠢᠵᠢᠭᠤᠯᠬᠤ | ᠬᠡᠷᠡᠭᠲᠡᠶ᠃ ᠠᠰᠠᠭᠤᠳᠠᠯ ᠤᠨ ᠲᠡᠯᠳᠠ ᠭᠡᠮ ᠤᠨ ᠲᠣᠳᠣᠷᠬᠠᠶ ᠲᠠᠩᠰᠠ ᠪᠠᠶᠢᠭᠤᠯᠵᠤ᠂ ᠲᠤᠰᠬᠠᠶᠢᠯᠠᠨ ᠴᠡᠭᠴᠡᠯᠡᠨ | ᠵᠠᠰᠠᠬᠤ ᠪᠠ ᠶᠡᠷᠦᠩᠬᠡᠶᠢᠯᠡᠨ ᠵᠠᠰᠠᠬᠤ ᠶᠢ ᠦᠷᠨᠢᠭᠦᠯᠬᠦ ᠬᠡᠷᠡᠭᠲᠡᠢ᠃ ᠢᠳᠡᠭᠡᠨ ᠤ ᠵᠦᠢᠯ ᠰᠤᠭᠤᠴᠠᠨ ᠪᠠᠶᠢᠴᠠᠭᠠᠭᠰᠠᠨ᠂ | ᠬᠡᠷᠡᠭ ᠢ ᠲᠤᠷᠠᠭᠠᠨ ᠰᠢᠢᠳᠬᠡᠭᠰᠡᠨ ᠵᠡᠷᠭᠡ ᠬᠢᠨᠠᠨ ᠬᠠᠮᠢᠶᠠᠷᠬᠤ ᠮᠡᠳᠡᠭᠡ ᠵᠠᠩᠬᠢ ᠶᠢ ᠰᠠᠨᠠᠭᠠᠴᠢᠯᠠᠭ᠎ᠠ ᠠᠴᠠ ᠪᠠᠨ | ᠨᠡᠶᠢᠭᠡᠮ ᠳᠤ ᠨᠡᠶᠢᠲᠡᠯᠡᠵᠦ᠂ ᠰᠠᠭᠠᠳ ᠦᠭᠡᠢ ᠨᠡᠪᠲᠡᠷᠡᠬᠦ ᠢᠯᠡᠴᠢᠯᠡᠨ ᠵᠠᠭᠠᠯᠳᠤᠬᠤ ᠲᠣᠭᠲᠠᠴᠠ ᠶᠢ ᠪᠠᠶᠢᠭᠤᠯᠵᠤ᠂ | ᠬᠡᠷᠡᠭᠯᠡᠭᠴᠢ᠂ ᠵᠠᠭᠤᠴᠢ᠂ ᠠᠵᠢᠯ ᠲᠥᠷᠥᠯ ᠤᠨ ᠨᠡᠶᠢᠭᠡᠮᠯᠢᠭ ᠵᠡᠷᠭᠡ ᠨᠡᠶᠢᠭᠡᠮ ᠤᠨ ᠬᠦᠴᠦᠨ ᠢ ᠢᠳᠡᠭᠡᠨ ᠤ ᠠᠮᠤᠷ | ᠲᠦᠪᠰᠢᠨ ᠤ ᠠᠵᠢᠯ ᠳᠤ ᠣᠷᠣᠯᠴᠠᠭᠤᠯᠬᠤ ᠶᠢ ᠭᠦᠢᠴᠡᠳ ᠳᠠᠶᠢᠴᠢᠯᠠᠵᠤ᠂ ᠠᠮᠤᠷ ᠲᠦᠪᠰᠢᠨ ᠪᠤᠰᠤ ᠢᠳᠡᠭᠡᠨ ᠤ | ᠵᠠᠬ᠎ᠠ ᠳᠡᠯᠭᠡᠭᠦᠷ ᠢ ᠦᠭᠡᠢ ᠪᠤᠯᠭᠠᠵᠤ᠂ ᠦᠢᠯᠡᠳᠪᠦᠷᠢᠯᠡᠭᠴᠢ ᠡᠵᠡᠩᠨᠡᠭᠴᠢᠳ ᠢ ︽ᠨᠢᠭᠡ ᠭᠠᠵᠠᠷ ᠲᠤ ᠢᠲᠡᠭᠡᠮᠵᠢ | ᠠᠯᠳᠠᠪᠠᠯ ᠨᠢᠭᠡ ᠠᠯᠬᠤᠬᠤ ᠳᠤ ᠴᠤ ᠬᠦᠴᠢᠷᠲᠡᠶ︾ ᠪᠤᠯᠭᠠᠬᠤ ᠬᠡᠷᠡᠭᠲᠡᠢ ᠭᠡᠪᠡ᠃ | ᠪᠦ᠋ ᠰᠢᠶᠤᠤ ᠯᠢᠨ ᠱᠠᠭᠠᠷᠳᠠᠭᠰᠠᠨ ᠨᠢ᠂ ᠠᠷᠠᠳ ᠤᠯᠠᠨ ᠤ ᠡᠷᠡᠭᠦᠯ ᠮᠡᠨᠳᠦ ᠶᠢᠨ ᠠᠮᠤᠷ ᠲᠦᠪᠰᠢᠨ ᠢ | ᠬᠠᠮᠠᠭᠠᠯᠠᠬᠤ ᠪᠣᠯ ᠡᠯ᠎ᠡ ᠱᠠᠲᠤᠨ ᠤ ᠵᠠᠰᠠᠭ ᠤᠨ ᠣᠷᠳᠣᠨ ᠤ ᠤᠯᠤᠰ ᠲᠦᠷᠦ ᠶᠢᠨ ᠬᠠᠷᠢᠭᠤᠴᠠᠯᠭ᠎ᠠ ᠪᠠ ᠬᠠᠤᠯᠢ | ᠴᠠᠭᠠᠵᠠ ᠶᠢᠨ ᠬᠠᠷᠢᠭᠤᠴᠠᠯᠭ᠎ᠠ ᠮᠦᠨ᠂ ᠤᠯᠤᠰ ᠲᠦᠷᠦ ᠶᠢᠨ ᠦᠵᠡᠯ ᠤᠬᠠᠮᠰᠠᠷ ᠂ ᠬᠠᠤᠯᠢ ᠪᠠᠷ ᠵᠠᠰᠠᠬᠤ ᠦᠵᠡᠯ | ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠲᠦᠮᠡᠨ ᠡᠷᠦᠬᠡ ᠶᠢᠨ ᠵᠤᠪᠠᠯ ᠵᠢᠷᠭᠠᠯ ᠳᠤ ᠰᠡᠳᠬᠢᠯ ᠲᠠᠯᠪᠢᠨ᠂ | ᠢᠳᠡᠭᠡᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠢᠳᠡᠭᠡᠨ ᠡᠮ ᠤᠨ | ᠵᠦᠢᠯ ᠤᠨ ᠠᠮᠤᠷ ᠲᠦᠪᠰᠢᠨ ᠤ ᠠᠵᠢᠯ ᠳᠤ ᠬᠦᠴᠦᠲᠡᠶ ᠪᠠᠲᠤᠯᠠᠭ᠎ᠠ ᠬᠠᠩᠭᠠᠵᠤ᠂ ᠢᠳᠡᠭᠡᠨ ᠡᠮ ᠤᠨ ᠵᠦᠢᠯ ᠤᠨ | ᠬᠢᠨᠠᠨ ᠬᠠᠮᠢᠶᠠᠷᠬᠤ ᠡᠩᠨᠡᠭᠡ ᠶᠢᠨ ᠲᠤᠰᠬᠠᠶᠢᠵᠢᠬᠤ᠂ ᠮᠡᠷᠭᠡᠵᠢᠬᠦ ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠢᠳᠡᠭᠡᠨ | ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠴᠤᠴᠠᠯᠲᠠ ᠦᠭᠡᠢ ᠰᠠᠶᠢᠲᠤᠷ ᠬᠢᠵᠦ᠂ ᠴᠢᠷᠮᠠᠶᠢᠵᠤ ᠪᠠᠶᠢᠭᠠᠳ | ᠠᠷᠠᠳ ᠤᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠪᠠ ᠵᠣᠯ ᠵᠢᠷᠭᠠᠯ ᠤᠨ ᠵᠢᠭᠠᠯᠲᠠ ᠲᠤᠭ᠎ᠠ ᠶᠢ ᠰᠢᠨ᠎ᠡ | ᠬᠡᠮᠵᠢᠶᠡᠨ ᠳᠤ ᠬᠦᠷᠲᠡᠯ᠎ᠡ ᠳᠡᠭᠡᠭᠰᠢᠯᠡᠭᠦᠯᠬᠦ ᠬᠡᠷᠡᠭᠲᠡᠶ ᠭᠡᠪᠡ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠸᠠᠩ ᠢᠦᠶ ᠮᠢᠩ ᠬᠤᠷᠠᠯ ᠡᠷᠭᠢᠯᠡᠪᠡ᠃ ᠡᠯ᠎ᠡ ᠠᠶᠢᠮᠠᠭ | ᠬᠤᠲᠠ ᠶᠢᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠤ | ᠵᠥᠪᠯᠡᠯ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠨᠠᠷ ᠬᠤᠷᠠᠯ ᠳᠤ ᠤᠷᠤᠯᠴᠠᠪᠠ᠃ ᠬᠤᠷᠠᠯ ᠳᠤ᠂ | ᠬᠥᠬᠡᠬᠤᠲᠠ᠂ ᠪᠤᠭᠤᠲᠤ ᠬᠤᠳᠠ᠂ ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠳᠠ᠂ ᠥᠪᠡᠷᠲᠡᠭᠡᠨ ᠵᠠᠰᠠᠬᠤ | ᠣᠷᠣᠨ ᠤ ᠢᠳᠡᠭᠡᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠶᠢᠨ ᠲᠢᠩᠬᠢᠮ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ᠂ ᠳᠣᠲᠣᠭᠠᠳᠤ ᠶᠢ ᠬᠠᠮᠠᠭᠠᠯᠠᠬᠤ | ᠲᠢᠩᠬᠢᠮ ᠵᠡᠷᠭᠡ ᠠᠶᠢᠮᠠᠭ ᠬᠤᠳᠠ ᠪᠣᠯᠤᠨ ᠲᠢᠩᠬᠢᠮ ᠲᠣᠪᠴᠢᠶᠠᠨ ᠤ ᠬᠠᠷᠢᠭᠤᠴᠠᠯᠭᠠᠲᠠᠨ ᠰᠤᠯᠢᠯᠴᠠᠭᠠᠨ ᠤ ᠶᠠᠷᠢᠶ᠎ᠠ | ᠲᠠᠯᠪᠢᠪᠠ᠃ |