ᠪᠠᠶᠠᠨᠨᠠᠭᠤᠷ ᠬᠤᠳᠠ ᠶᠢᠨ ᠭᠠᠳᠠᠭᠠᠳᠤ ᠳᠤ ᠭᠠᠷᠭᠠᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠣᠭᠤᠰ ᠨᠢ 4586.6 ᠲᠥᠮᠡᠨ ᠲᠥᠭᠦᠷᠢᠭ ᠲᠤ ᠬᠦᠷᠴᠡᠶ
ᠨᠡᠶᠢᠲᠡᠯᠡᠭᠰᠡᠨ ᠴᠠᠭ᠄
2016/4/27
     ᠡᠨᠡ ᠵᠢᠯ ᠤᠨ ᠨᠢᠭᠡᠳᠦᠭᠡᠷ ᠤᠯᠠᠷᠢᠯ ᠳᠤ᠂ ᠪᠠᠶᠠᠨᠨᠠᠭᠤᠷ ᠬᠤᠳᠠ ᠶᠢᠨ ᠠᠵᠤ ᠠᠬᠤᠶᠢᠯᠠᠯ ᠬᠠᠭᠤᠷᠠᠶ ᠶᠢᠨ ᠭᠠᠷᠠᠮ ᠳᠤ ᠭᠤᠶᠣᠴᠢᠯᠠᠵᠤ᠂ ᠲᠢᠶᠠᠨᠵᠢᠨ ᠭᠠᠷᠠᠮ ᠢᠶᠠᠷ ᠭᠠᠳᠠᠭᠠᠳᠤ ᠳᠤ ᠭᠠᠷᠭᠠᠭᠰᠠᠨ ᠲᠠᠷᠢᠶᠠᠯᠠᠩ ᠤᠨ ᠪᠦᠲᠦᠭᠡᠭᠳᠡᠬᠦᠨ3870.94 ᠲᠦᠮᠡᠨ ᠲᠣᠨ᠂ ᠠᠷᠠᠯᠵᠢᠶᠠᠨ ᠤ ᠵᠣᠭᠤᠰ ᠨᠢ 4586.6 ᠲᠥᠮᠡᠨ ᠲᠥᠭᠦᠷᠢᠭ ᠲᠤ ᠬᠦᠷᠴᠦ᠂ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ︽ᠣᠬᠢ ᠰᠠᠶᠢᠨ ᠡᠬᠢᠯᠡᠯᠲᠡ︾᠎ ᠶᠢ ᠪᠡᠶᠡᠯᠡᠭᠦᠯᠵᠡᠢ᠃ ᠣᠶᠢᠯᠠᠭᠠᠭᠰᠠᠨ ᠢᠶᠠᠷ᠂ ᠲᠢᠶᠠᠨᠵᠢᠨ ᠭᠠᠷᠠᠮ ᠢᠶᠠᠷ ᠭᠠᠳᠠᠭᠠᠳᠤ ᠳᠤ ᠭᠠᠷᠭᠠᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠴᠢᠭᠯᠡᠯ ᠨᠢ ᠧᠦ᠋ᠷᠣᠫᠠ ᠲᠢᠪ᠂ ᠤᠮᠠᠷᠠᠲᠤ ᠠᠮᠧᠷᠢᠺᠠ᠂ ᠳᠤᠮᠳᠠᠳᠤ ᠳᠣᠷᠣᠨᠠᠲᠤ ᠵᠡᠷᠭᠡ ᠭᠠᠵᠠᠷ ᠣᠷᠣᠨ ᠳᠤ ᠬᠠᠨᠳᠤᠭᠤᠯᠵᠤ᠂ ᠲᠥᠷᠥᠯ ᠵᠦᠢᠯ ᠨᠢ ᠤᠰᠤ ᠦᠭᠡᠶᠢᠳᠡᠭᠦᠯᠦᠭᠰᠡᠨ ᠨᠣᠭᠤᠭ᠎ᠠ ᠪᠣᠯᠣᠨ ᠨᠡᠷᠡᠨ ᠬᠤᠸᠠᠷ ᠤᠨ ᠦᠷ᠎ᠡ ᠪᠠᠷ ᠭᠤᠣᠯ ᠪᠣᠯᠭᠠᠵᠤ᠂ ᠡᠭᠦᠨ ᠳᠤ ᠭᠠᠳᠠᠭᠠᠳᠤ ᠳᠤ ᠭᠠᠷᠭᠠᠭᠰᠠᠨ ᠤᠰᠤ ᠦᠭᠡᠶᠢᠳᠡᠭᠦᠯᠦᠭᠰᠡᠨ ᠨᠣᠭᠤᠭ᠎ᠠ 285.42 ᠲᠦᠮᠡᠨ ᠲᠣᠨ ᠪᠠᠶᠢᠵᠤ᠂ ᠠᠷᠠᠯᠵᠢᠶᠠᠨ ᠤ ᠵᠣᠭᠤᠰ ᠨᠢ 638.32 ᠲᠥᠮᠡᠨ ᠲᠥᠭᠦᠷᠢᠭ ᠲᠤ ᠬᠦᠷᠪᠡ︔ ᠨᠡᠷᠡᠨ ᠬᠤᠸᠠᠷ ᠤᠨ ᠦᠷ᠎ᠡ 3585.52 ᠲᠦᠮᠡᠨ ᠲᠣᠨ ᠪᠠᠶᠢᠵᠤ᠂ ᠠᠷᠠᠯᠵᠢᠶᠠᠨ ᠤ ᠵᠣᠭᠤᠰ ᠨᠢ 3948.28 ᠲᠥᠮᠡᠨ ᠲᠥᠭᠦᠷᠢᠭ ᠲᠤ ᠬᠦᠷᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号