ᠤᠯᠠᠭᠠᠨᠬᠠᠳᠠ ᠬᠤᠲᠠ ᠶᠢᠨ 12 ᠬᠤᠰᠢᠭᠤ ᠰᠢᠶᠠᠨ ᠲᠣᠭᠤᠷᠢᠭ ᠤᠨ ᠬᠢᠨ ᠳᠥᠷ ᠴᠠᠭ ᠤᠨ ᠪᠡᠶ᠎ᠡ ᠶᠢᠨ ᠦᠨᠡᠮᠯᠡᠯ ᠢᠶᠠᠨ ᠣᠨᠳᠣᠣ ᠭᠠᠵᠠᠷ ᠭᠦᠢᠴᠡᠳᠬᠡᠵᠦ ᠪᠣᠯᠤᠨ᠎ᠠ
ᠨᠡᠶᠢᠲᠡᠯᠡᠭᠰᠡᠨ ᠴᠠᠭ᠄
2016/4/27
       4 ᠳ᠋ᠦ᠋ᠭᠡᠷ ᠰᠠᠷ᠎ᠠ ᠠᠴᠠ ᠡᠬᠢᠯᠡᠨ᠂ ᠤᠯᠠᠭᠠᠨᠬᠠᠳᠠ ᠬᠤᠲᠠ ᠶᠢᠨ 12 ᠬᠤᠰᠢᠭᠤ ᠰᠢᠶᠠᠨ ᠲᠣᠭᠤᠷᠢᠭ ᠤᠨ ᠎ ᠬᠢᠨ ᠤ ᠳᠥᠷ ᠴᠠᠭ ᠤᠨ ᠪᠡᠶ᠎ᠡ ᠶᠢᠨ ᠦᠨᠡᠮᠯᠡᠯ ᠢ ᠣᠨᠳᠣᠣ ᠭᠠᠵᠠᠷ ᠭᠦᠢᠴᠡᠳᠬᠡᠬᠦ ᠦᠢᠯᠡᠴᠢᠯᠡᠭᠡ ᠨᠡᠪᠲᠡᠷᠡᠭᠦᠯᠵᠦ᠂ ᠤᠯᠠᠭᠠᠨᠬᠠᠳᠠ ᠬᠤᠲᠠ ᠶᠢᠨ ᠰᠠᠭᠤᠭᠠᠯᠢ ᠠᠷᠠᠳ ᠤᠨ ᠦᠨᠡᠮᠯᠡᠯ ᠢᠶᠠᠨ ᠭᠡᠭᠡᠭᠰᠡᠨ᠂ ᠡᠪᠳᠡᠷᠡᠵᠦ ᠰᠦᠢᠳᠦᠭᠰᠡᠨ᠂ ᠬᠦᠴᠦᠨ ᠪᠦᠬᠦᠢ ᠬᠤᠭᠤᠴᠠᠭ᠎ᠠ ᠨᠢ ᠭᠦᠢᠴᠡᠭᠰᠡᠨ ᠵᠡᠷᠭᠡ ᠰᠢᠯᠲᠠᠭᠠᠨ ᠠᠴᠠ ᠪᠤᠯᠵᠤ ᠣᠨᠳᠣᠣ ᠭᠠᠵᠠᠷ ᠲᠤ ᠲᠦᠷ ᠴᠠᠭ ᠤᠨ ᠪᠡᠶ᠎ᠡ ᠶᠢᠨ ᠦᠨᠡᠮᠯᠡᠯ ᠭᠦᠢᠴᠡᠳᠬᠡᠵᠦ ᠪᠣᠯᠬᠤ ᠦᠭᠡᠢ ᠪᠠᠶᠢᠭᠰᠠᠨ ᠠᠰᠠᠭᠤᠳᠠᠯ ᠢ ᠰᠢᠢᠳᠪᠦᠷᠢᠯᠡᠵᠡᠢ᠃ ᠣᠶᠢᠯᠠᠭᠠᠭᠰᠠᠨ ᠢᠶᠠᠷ᠂ ᠤᠯᠠᠭᠠᠨᠬᠠᠳᠠ ᠬᠤᠲᠠ ᠳᠤ ᠪᠠᠶᠢᠩᠭᠤ ᠰᠠᠭᠤᠭ᠎ᠠ ᠡᠷᠦᠬᠡ ᠠᠮᠠ ᠲᠠᠢ᠂ ᠡᠷᠦᠬᠡ ᠠᠮᠠ ᠪᠠᠶᠢᠭ᠎ᠠ ᠭᠠᠵᠠᠷ ᠠᠴᠠ ᠪᠠᠨ ᠰᠠᠯᠤᠭᠠᠳ ᠤᠯᠠᠭᠠᠨᠬᠠᠳᠠ ᠬᠤᠲᠠ ᠶᠢᠨ ᠳᠣᠲᠣᠷ᠎ᠠ ᠬᠤᠰᠢᠭᠤ ᠰᠢᠶᠠᠨ ᠠᠯᠤᠰᠯᠠᠨ ᠰᠠᠭᠤᠵᠤ ᠪᠠᠶᠢᠭ᠎ᠠ ᠪᠥᠭᠡᠳ ᠨᠢᠭᠡᠨᠲᠡ ᠲᠦᠷ ᠰᠠᠭᠤᠬᠤ ᠪᠠᠷ ᠳᠠᠩᠰᠠᠯᠠᠭᠤᠯᠤᠭᠰᠠᠨ ᠬᠥᠮᠦᠨ ᠪᠦᠬᠦᠨ᠂ ᠬᠤᠳᠠ ᠶᠢᠨ ᠳᠣᠲᠣᠷ᠎ᠠ ᠤᠳᠤ ᠶᠢᠨ ᠰᠠᠭᠤᠭ᠎ᠠ ᠭᠠᠵᠠᠷ ᠤᠨ ᠢᠶᠠᠨ ᠣᠨᠳᠣᠣ ᠭᠠᠵᠠᠷ ᠪᠡᠶ᠎ᠡ ᠶᠢᠨ ᠦᠨᠡᠮᠯᠡᠯ ᠭᠦᠢᠴᠡᠳᠬᠡᠬᠦ ᠶᠢ ᠬᠦᠯᠢᠶᠡᠨ ᠠᠪᠬᠤ ᠴᠢᠭ᠋ ᠲᠤ ᠬᠦᠷᠴᠦ ᠲᠦᠷ ᠴᠠᠭ ᠤᠨ ᠪᠡᠶ᠎ᠡ ᠶᠢᠨ ᠦᠨᠡᠮᠯᠡᠯ ᠭᠦᠢᠴᠡᠳᠬᠡᠵᠦ ᠪᠣᠯᠤᠨ᠎ᠠ᠃ ᠪᠦᠬᠦᠯᠢ 16 ᠨᠠᠰᠤᠨ ᠠᠴᠠ ᠳᠡᠭᠡᠭᠰᠢ ᠮᠥᠷᠲᠡᠭᠡᠨ ᠡᠷᠤᠭᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠨᠢ ᠲᠤᠰ ᠬᠦᠮᠦᠨ ᠤ ᠪᠠᠷᠢᠮᠵᠢᠶ᠎ᠠ ᠳᠤ ᠨᠡᠶᠢᠴᠡᠭᠰᠡᠨ ᠭᠡᠷᠡᠯ ᠵᠢᠷᠤᠭ ᠤᠨ ᠮᠡᠳᠡᠭᠡ ᠵᠠᠩᠭᠢ ᠶᠢ ᠬᠥᠮᠦᠨ ᠠᠮᠠ ᠶᠢᠨ ᠮᠡᠳᠡᠭᠡ ᠵᠠᠩᠭᠢ ᠶᠢᠨ ᠰᠢᠰᠲ᠋ᠧᠮ ᠲᠤ ᠰᠢᠩᠭᠡᠭᠡᠨ ᠣᠷᠣᠭᠤᠯᠤᠭᠰᠠᠨ ᠬᠥᠮᠥᠰ ᠪᠠᠰᠠ ᠡᠨᠡᠬᠦ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号