ᠡᠨᠡ ᠵᠢᠯ ᠠᠴᠠ ᠨᠠᠰᠢ᠂ ᠰᠢᠯᠢ ᠶᠢᠨ ᠬᠤᠲᠠ ᠠᠵᠢᠯ ᠣᠯᠭᠤᠯᠲᠠ ᠶᠢᠨ ᠪᠦᠲᠦᠴᠡ ᠪᠤᠯᠤᠨ ᠠᠵᠢᠯ ᠣᠯᠭᠤᠬᠤ | ᠠᠷᠭ᠎ᠠ ᠮᠠᠶ᠋ᠢᠭ ᠤᠨ ᠬᠥᠭᠵᠢᠯᠲᠡ ᠬᠤᠪᠢᠷᠠᠯᠲᠠ ᠶᠢ ᠦᠨᠳᠦᠰᠦᠯᠡᠨ᠂ ᠠᠳᠠᠯ ᠦᠢᠯᠡᠰ ᠴᠣᠭᠴᠠᠯᠠᠬᠤ ᠪᠠᠷ ᠠᠵᠢᠯ | ᠣᠯᠭᠤᠯᠲᠠ ᠶᠢ ᠠᠬᠢᠭᠤᠯᠬᠤ ᠠᠵᠢᠯ ᠤᠨ ᠤᠨᠦᠯᠵᠢᠬᠤᠠ ᠢ ᠪᠠᠷᠢᠮᠲᠠᠯᠠᠵᠤ᠂ ᠠᠵᠢᠯ ᠣᠯᠭᠤᠬᠤ ᠠᠵᠢᠯ ᠤᠨ ᠪᠠᠶᠢᠷᠢ ᠶᠢ | ᠣᠯᠠᠨ ᠲᠠᠯ᠎ᠠ ᠪᠠᠷ ᠭᠠᠷᠭᠠᠵᠤ᠂ ᠪᠤᠯᠪᠠᠰᠤᠷᠠᠭᠤᠯᠤᠯ ᠢᠶᠠᠷ ᠠᠳᠠᠯ ᠦᠢᠯᠡᠰ ᠴᠣᠭᠴᠠᠯᠠᠬᠤ ᠶᠢ ᠠᠬᠢᠭᠤᠯᠵᠤ᠂ ᠠᠵᠢᠯ | ᠤᠯᠭᠤᠬᠤ ᠪᠠ ᠠᠳᠠᠯ ᠦᠢᠯᠡᠰ ᠴᠣᠭᠴᠠᠯᠠᠬᠤ ᠠᠵᠢᠯ ᠢ ᠯᠠᠪᠳᠠᠭᠤᠨ ᠢᠶᠠᠷ ᠳᠡᠭᠡᠭᠰᠢᠯᠡᠭᠦᠯᠦᠨ ᠠᠬᠢᠭᠤᠯᠪᠠ᠃ | ᠠᠵᠢᠯᠲᠠᠳ ᠢ ᠵᠤᠬᠢᠶᠠᠨ ᠪᠠᠶᠢᠭᠤᠯᠤᠨ ᠠᠵᠤ ᠠᠬᠤᠶᠢᠯᠠᠯ ᠳᠤ ᠬᠦᠨᠵᠡᠭᠡᠶᠢᠷᠡᠨ᠂ ᠬᠤᠲᠠ ᠳᠤ ᠨᠡᠭᠦᠨ ᠤᠷᠤᠭᠰᠠᠨ | ᠮᠠᠯᠴᠢᠨ ᠲᠠᠷᠢᠶᠠᠴᠢᠳ ᠲᠤ ᠠᠵᠢᠯ ᠣᠯᠭᠤᠬᠤ ᠠᠵᠢᠯ ᠤᠨ ᠪᠠᠶᠢᠷᠢ ᠶᠢ ᠬᠠᠨᠳᠤᠯᠭᠠᠲᠤ ᠴᠢᠨᠠᠷᠲᠠᠶ ᠪᠠᠷ ᠭᠠᠷᠭᠠᠵᠤ᠂ 1 | — 3 ᠳ᠋ᠤᠭᠠᠷ ᠰᠠᠷ᠎ᠠ ᠳᠤ᠂ ᠬᠤᠲᠠ ᠳᠤ ᠨᠡᠭᠦᠨ ᠤᠷᠤᠭᠰᠠᠨ ᠮᠠᠯᠴᠢᠨ ᠲᠠᠷᠢᠶᠠᠴᠢᠨ ᠳᠤ ᠨᠡᠶᠢᠲᠡ 1432 | ᠠᠵᠢᠯ ᠤᠨ ᠪᠠᠶᠢᠷᠢ ᠭᠠᠷᠭᠠᠵᠤ᠂ ᠭᠤᠣᠯᠳᠠᠭᠤ ᠦᠢᠯᠡᠴᠢᠯᠡᠭᠴᠢ᠂ ᠮᠥᠩᠭᠦ ᠬᠤᠷᠢᠶᠠᠭᠴᠢ᠂ ᠰᠠᠩ ᠬᠠᠮᠢᠶᠠᠷᠤᠭᠴᠢ᠂ | ᠬᠤᠳᠠᠯᠳᠤᠨ ᠠᠪᠤᠭᠴᠢ᠂ ᠳᠡᠯᠭᠡᠨ ᠪᠤᠷᠤᠯᠠᠭᠤᠯᠤᠭᠴᠢ᠂ ᠠᠮᠤᠷ ᠢ ᠬᠠᠮᠠᠭᠠᠯᠠᠭᠴᠢ᠂ ᠴᠠᠬᠢᠯᠭᠠᠨ ᠭᠠᠩᠨᠠᠭᠤᠷᠴᠢᠨ᠂ | ᠡᠷᠭᠦᠭᠦᠷ ᠮᠠᠰᠢᠨ ᠠᠴᠢᠶᠠᠯᠠᠵᠤ ᠪᠠᠭᠤᠯᠭᠠᠬᠤ ᠮᠧᠬᠠᠨᠢᠭ ᠤᠨ ᠵᠢᠯᠤᠭᠤᠴᠢ᠂ ᠮᠠᠰᠢᠨ ᠲᠡᠷᠭᠡᠨ ᠤ ᠵᠢᠯᠣᠭᠤᠴᠢ᠂ | ᠰᠥᠨᠢ ᠶᠢᠨ ᠵᠢᠵᠢᠬᠦᠷ ᠤᠨ ᠠᠵᠢᠯ ᠵᠡᠷᠭᠡ 20 ᠭᠠᠷᠤᠶ ᠠᠵᠢᠯ ᠲᠦᠷᠦᠯ ᠪᠠᠭᠲᠠᠨ᠎ᠠ᠃ ᠮᠠᠯᠴᠢᠨ ᠲᠠᠷᠢᠶᠠᠴᠢᠳ ᠤᠨ | ᠠᠵᠢᠯ ᠡᠷᠢᠬᠦ ᠪᠣᠳᠠᠲᠤ ᠬᠡᠷᠡᠭᠴᠡᠭᠡ ᠳᠤ ᠴᠢᠭᠯᠡᠭᠦᠯᠬᠦ ᠶᠢᠨ ᠬᠠᠮᠲᠤ ᠬᠤᠲᠠ ᠳᠤ ᠨᠡᠭᠦᠨ ᠤᠷᠤᠭᠰᠠᠨ ᠮᠠᠯᠴᠢᠨ | ᠲᠠᠷᠢᠶᠠᠴᠢᠳ ᠤᠨ ᠪᠣᠯᠪᠠᠰᠤᠷᠠᠭᠤᠯᠤᠯ ᠤᠨ ᠡᠷᠴᠢᠮ ᠢ ᠨᠡᠮᠡᠭᠳᠡᠬᠦᠯᠬᠦ ᠶᠢᠨ ᠲᠤᠯᠠᠳᠠ᠂ ᠨᠢᠭᠡᠳᠦᠭᠡᠷ ᠤᠯᠠᠷᠢᠯ ᠳᠤ | ᠨᠢᠭᠡᠨᠲᠡ 5 ᠬᠤᠭᠤᠴᠠᠭᠠᠨ ᠤ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠡᠷᠬᠢᠯᠡᠵᠤ᠂ 556 ᠬᠦᠮᠦᠨ ᠢ | ᠪᠤᠯᠪᠠᠰᠤᠷᠠᠭᠤᠯᠪᠠ᠂ ᠡᠭᠦᠨ ᠳᠤ ᠳᠡᠭᠡᠳᠦ ᠰᠤᠷᠭᠠᠭᠤᠯᠢ ᠲᠡᠭᠦᠰᠦᠭᠰᠡᠳ 133 ᠬᠦᠮᠦᠨ ᠪᠠᠶᠢᠨ᠎ᠠ᠃ ᠠᠳᠠᠯ ᠦᠢᠯᠡᠰ | ᠴᠣᠭᠴᠠᠯᠠᠬᠤ ᠪᠣᠯᠪᠠᠰᠤᠷᠠᠭᠤᠯᠤᠯ ᠤᠨ ᠠᠩᠬᠢ ᠶᠢ ᠨᠢᠭᠡᠨᠲᠡ ᠭᠤᠷᠪᠠᠨ ᠬᠤᠭᠤᠴᠠᠭ᠎ᠠ ᠡᠷᠬᠢᠯᠡᠵᠤ᠂ 63 ᠬᠥᠮᠦᠨ ᠢ | ᠪᠤᠯᠪᠠᠰᠤᠷᠠᠭᠤᠯᠪᠠ᠂ ᠡᠭᠦᠨ ᠳᠤ 40 ᠬᠥᠮᠦᠨ ᠠᠮᠵᠢᠯᠲᠠ ᠲᠠᠢ ᠪᠠᠷ ᠠᠳᠠᠯ ᠦᠢᠯᠡᠰ ᠴᠤᠭᠴᠠᠯᠠᠵᠤ᠂ 267 | ᠠᠵᠢᠯ ᠤᠨ ᠪᠠᠶᠢᠷᠢ ᠤᠯᠭᠤᠵᠤ ᠦᠭᠴᠠᠢ᠃ |