ᠪᠦᠬᠦ ᠤᠷᠤᠨ ᠤ ᠬᠠᠪᠤᠷ ᠤᠨ ᠤᠯᠠᠷᠢᠯ ᠤᠨ ᠮᠠᠯ ᠠᠵᠤ ᠠᠬᠤᠢ ᠲᠠᠷᠢᠶᠠᠯᠠᠩ ᠦᠢᠯᠡᠳᠪᠦᠷᠢᠯᠡᠯ ᠵᠢᠴᠢ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/4/5
     ᠪᠦᠬᠦ ᠤᠷᠤᠨ ᠤ ᠬᠠᠪᠤᠷ ᠤᠨ ᠤᠯᠠᠷᠢᠯ ᠤᠨ ᠮᠠᠯ ᠠᠵᠤ ᠠᠬᠤᠢ ᠲᠠᠷᠢᠶᠠᠯᠠᠩ ᠦᠢᠯᠡᠳᠪᠦᠷᠢᠯᠡᠯ ᠵᠢᠴᠢ ᠤᠢ ᠰᠢᠭᠤᠢ ᠨᠤᠳᠤᠭ ᠪᠡᠯᠴᠢᠭᠡᠷ ᠤᠨ ᠲᠦᠢᠮᠠᠷ ᠢ ᠰᠡᠷᠭᠡᠶᠢᠯᠡᠬᠦ ᠠᠵᠢᠯ ᠤᠨ ᠲᠧᠯᠸᠢᠰ ᠳ᠋ᠢᠶᠠᠩᠬᠤᠸᠠ ᠬᠤᠷᠠᠯ 3 ᠳ᠋ᠤᠭᠠᠷ ᠰᠠᠷ᠎ᠠ ᠶᠢᠨ 31 ᠤ ᠡᠳᠦᠷ ᠬᠦᠬᠡᠬᠤᠳᠠ ᠳᠤ ᠬᠤᠷᠠᠯᠳᠤᠵᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠥᠬᠦᠢ ᠲᠢᠩᠬᠢᠮ ᠲᠣᠪᠴᠢᠶ᠎ᠡ᠂ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃      ᠬᠤᠷᠠᠯ ᠤᠨ ᠠᠭᠤᠯᠭ᠎ᠠ ᠨᠢ ᠭᠤᠣᠯᠳᠠᠭᠤ ᠪᠦᠬᠦ ᠤᠯᠤᠰ ᠤᠨ ᠬᠠᠪᠤᠷ ᠤᠨ ᠤᠯᠠᠷᠢᠯ ᠤᠨ ᠲᠠᠷᠢᠶᠠᠯᠠᠩ ᠦᠢᠯᠡᠳᠪᠦᠷᠢᠯᠡᠯ ᠵᠢᠴᠢ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠮᠠᠨ ᠤ ᠤᠷᠤᠨ ᠤ ᠬᠠᠪᠤᠷ ᠤᠨ ᠤᠯᠠᠷᠢᠯ ᠤᠨ ᠮᠠᠯ ᠠᠵᠤ ᠠᠬᠤᠢ ᠲᠠᠷᠢᠶᠠᠯᠠᠩ ᠦᠢᠯᠡᠳᠪᠦᠷᠢᠯᠡᠯ ᠤᠨ ᠪᠠᠶᠢᠳᠠᠯ ᠢ ᠭᠦᠨᠵᠡᠭᠡᠢ ᠵᠠᠳᠠᠯᠵᠤ᠂ ᠬᠠᠪᠤᠷ ᠤᠨ ᠤᠯᠠᠷᠢᠯ ᠤᠨ ᠮᠠᠯ ᠠᠵᠤ ᠠᠬᠤᠢ ᠲᠠᠷᠢᠶᠠᠯᠠᠩ ᠦᠢᠯᠡᠳᠪᠦᠷᠢᠯᠡᠯ ᠤᠨ ᠠᠵᠢᠯ ᠢ ᠪᠠᠶᠢᠷᠢᠯᠠᠭᠤᠯᠪᠠ︔ ︽12.5︾ ᠶᠢᠨ ᠲᠥᠯᠥᠪᠵᠢᠭᠦᠯᠭᠡ ᠵᠢᠴᠢ 2015 ᠣᠨ ᠤ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠤᠨ ᠪᠠᠶᠢᠳᠠᠯ ᠢ ᠨᠡᠶᠢᠲᠡᠯᠡᠵᠦ᠂ ︽13.5︾ ᠶᠢᠨ ᠲᠥᠯᠥᠪᠵᠢᠭᠦᠯᠭᠡ ᠵᠢᠴᠢ 2016 ᠣᠨ ᠤ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠪᠠᠶᠢᠷᠢᠯᠠᠭᠤᠯᠵᠤ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃      ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ᠂ ᠴᠠᠭ ᠠᠭᠤᠷ ᠤᠨ ᠲᠤᠪᠴᠢᠶ᠎ᠠ᠂ ᠣᠢ ᠰᠢᠭᠤᠢ ᠶᠢᠨ ᠵᠡᠪᠰᠡᠭᠲᠦ ᠴᠠᠭᠳᠠᠭ᠎ᠠ ᠶᠢᠨ ᠶᠡᠷᠦᠩᠬᠡᠢ ᠲᠣᠪᠴᠢᠶ᠎ᠡ᠂ ᠬᠦᠯᠦᠨ ᠪᠣᠶᠢᠷ ᠬᠤᠲᠠ᠂ ᠰᠢᠯᠢ ᠶᠢᠨ ᠭᠤᠣᠯ ᠠᠶᠢᠮᠠᠭ᠂ ᠪᠠᠶᠠᠨᠨᠠᠭᠤᠷ ᠬᠤᠲᠠ ᠪᠣᠯᠣᠨ ᠶᠡᠭᠡ ᠬᠢᠨᠭ᠍ᠭᠠᠨ ᠳᠠᠪᠠᠭ᠎ᠠ ᠶᠢᠨ ᠤᠯᠤᠰ ᠤᠨ ᠥᠮᠴᠢᠯᠡᠯᠲᠦ ᠣᠢ ᠰᠢᠭᠤᠢ ᠶᠢᠨ ᠬᠠᠮᠢᠶᠠᠷᠤᠯᠲᠠ ᠶᠢᠨ ᠲᠣᠪᠴᠢᠶ᠎ᠡ ᠠᠴᠠ ᠨᠡᠶᠢᠲᠡᠯᠢᠭ ᠵᠢᠱᠢᠶ᠎ᠡ ᠶᠠᠷᠢᠶ᠎ᠠ ᠲᠠᠯᠪᠢᠪᠠ᠃      ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠳᠠᠷᠤᠭ᠎ᠠ ᠭᠥᠸᠧ ᠵᠢᠶᠠᠨ ᠶᠠᠷᠢᠶᠠᠨ ᠳᠤ ᠣᠳᠣᠬᠠᠨ ᠤ ᠮᠠᠯ ᠠᠵᠤ ᠠᠬᠤᠢ ᠲᠠᠷᠢᠶᠠᠯᠠᠩ ᠦᠢᠯᠡᠳᠪᠦᠷᠢᠯᠡᠯ ᠤᠨ ᠪᠠᠶᠢᠳᠠᠯ ᠢ ᠲᠣᠪᠴᠢᠯᠠᠨ ᠮᠡᠳᠡᠭᠳᠡᠪᠡ᠃ ᠣᠳᠣᠬᠠᠨ ᠳᠤ ᠪᠥᠬᠦ ᠣᠷᠣᠨ ᠤ ᠬᠥᠷᠥᠰᠦ ᠰᠢᠷᠤᠢ ᠶᠢᠨ ᠴᠢᠬᠢᠭ ᠤᠨ ᠪᠠᠶᠢᠳᠠᠯ ᠨᠡᠶᠢᠲᠡᠮ ᠨᠡᠯᠢᠶᠡᠳ ᠰᠠᠶᠢᠨ᠂ ᠲᠠᠷᠢᠶᠠᠯᠠᠭ᠎ᠠ ᠶᠢᠨ ᠰᠠᠨᠠᠮᠵᠢ ᠲᠣᠭᠲᠠᠭᠤᠨ ᠪᠠᠶᠢᠵᠤ᠂ ᠪᠥᠲᠦᠴᠡ ᠶᠢᠨ ᠲᠣᠬᠢᠷᠠᠭᠤᠯᠤᠯᠲᠠ ᠢᠳᠡᠪᠬᠢᠲᠡᠢ ᠠᠬᠢᠵᠤ᠂ ᠬᠠᠪᠤᠷ ᠤᠨ ᠲᠠᠷᠢᠶᠠᠯᠠᠭ᠎ᠠ ᠶᠢᠨ ᠠᠬᠢᠴᠠ ᠮᠡᠳᠡᠭᠳᠡᠮ᠎ᠡ ᠲᠥᠷᠭᠡᠳᠴᠦ᠂ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠬᠠᠨᠭ᠍ᠭᠠᠯᠭ᠎ᠠ ᠶᠢᠨ ᠬᠡᠮᠵᠢᠶ᠎ᠡ ᠪᠦᠷᠢᠨ ᠭᠦᠢᠴᠡᠳ ᠬᠢᠮᠲᠠᠬᠠᠨ ᠪᠠᠶᠢᠵᠤ᠂ ᠲᠥᠯ ᠲᠣᠰᠴᠤ ᠪᠣᠶᠢᠵᠢᠭᠤᠯᠬᠤ ᠠᠵᠢᠯ ᠣᠷᠣᠭᠰᠢᠲᠠᠢ ᠶᠠᠪᠤᠭᠳᠠᠵᠤ ᠪᠠᠶᠢᠨ᠎ᠠ᠃ ᠪᠥᠬᠦ ᠣᠷᠣᠨ ᠤ ᠬᠠᠪᠤᠷ ᠤᠨ ᠤᠯᠠᠷᠢᠯ ᠤᠨ ᠮᠠᠯ ᠠᠵᠤ ᠠᠬᠤᠢ ᠲᠠᠷᠢᠶᠠᠯᠠᠩ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠰᠠᠶᠢᠨ ᠪᠠᠶᠢᠨ᠎ᠠ ᠭᠡᠵᠡᠢ᠃      ᠲᠢᠩᠬᠢᠮ ᠤᠨ ᠳᠠᠷᠤᠭ᠎ᠠ ᠬᠥᠸᠧ ᠵᠢᠶᠠᠨ ᠴᠢᠬᠤᠯᠠᠴᠢᠯᠠᠭᠰᠠᠨ ᠨᠢ᠂ ᠣᠳᠣᠬᠠᠨ ᠳᠤ ᠳᠣᠣᠷᠠᠬᠢ ᠮᠡᠲᠦ ᠬᠡᠳᠦᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠶ᠃ ᠨᠢᠭᠡᠳᠦᠭᠡᠷ ᠲᠤ᠂ ᠥᠭᠡᠷᠡᠴᠢᠯᠡᠯᠲᠡ ᠶᠢ ᠭᠤᠣᠯᠴᠢᠯᠠᠨ ᠠᠳᠬᠤᠵᠤ᠂ ᠤᠯᠠᠨ ᠵᠦᠢᠯ ᠤᠨ ᠬᠡᠯᠪᠡᠷᠢ ᠶᠢᠨ ᠲᠣᠬᠢᠷᠠᠮᠵᠢᠲᠠᠢ ᠬᠡᠪᠴᠢᠶᠡᠲᠦ ᠡᠵᠡᠩᠨᠡᠯᠲᠡ ᠶᠢ ᠶᠡᠬᠡᠪᠡᠷ ᠲᠦᠯᠬᠢᠨ ᠠᠬᠢᠭᠤᠯᠬᠤ ᠬᠡᠷᠡᠭᠲᠡᠢ᠃ ᠬᠤᠶᠠᠳᠤᠭᠠᠷ ᠲᠤ᠂ ᠪᠦᠲᠦᠴᠡ ᠶᠢᠨ ᠲᠣᠬᠢᠷᠠᠭᠤᠯᠤᠯᠲᠠ ᠶᠢ ᠭᠤᠣᠯᠴᠢᠯᠠᠨ ᠠᠳᠬᠤᠵᠤ᠂ ᠮᠠᠯ ᠠᠵᠤ ᠠᠬᠤᠶ ᠲᠠᠷᠢᠶᠠᠯᠠᠩ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠭᠤᠷᠪᠠᠳᠤᠭᠠᠷ ᠲᠤ᠂ ᠦᠢᠯᠡᠳᠪᠦᠷᠢᠯᠡᠯ ᠢ ᠭᠤᠣᠯᠴᠢᠯᠠᠨ ᠠᠳᠬᠤᠵᠤ᠂ ᠬᠠᠪᠤᠷ ᠤᠨ ᠣᠯᠠᠷᠢᠯ ᠤᠨ ᠮᠠᠯ ᠠᠵᠤ ᠠᠬᠤᠶ ᠲᠠᠷᠢᠶᠠᠯᠠᠩ ᠦᠢᠯᠡᠳᠪᠦᠷᠢᠯᠡᠯ ᠤᠨ ᠰᠠᠶᠢᠨ ᠰᠠᠶᠢᠬᠠᠨ ᠡᠬᠢᠯᠡᠯᠲᠡ ᠶᠢ ᠦᠨᠡᠨ ᠬᠦ ᠪᠠᠲᠤᠯᠠᠬᠤ ᠬᠡᠷᠡᠭᠲᠡᠶ᠃ ᠨᠢᠭᠡ ᠳᠤ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠬᠤᠶᠠᠷ ᠲᠤ ᠮᠡᠷᠭᠡᠵᠢᠯ ᠤᠨ ᠵᠢᠯᠦᠭᠤᠳᠦᠯᠭ᠎ᠠ ᠪᠣᠯᠣᠨ ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠶ᠃ ᠭᠤᠷᠪᠠ ᠳᠤ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠲᠦᠷᠪᠡ ᠳᠤ ᠲᠠᠷᠢᠶᠠᠯᠠᠭ᠎ᠠ ᠶᠢᠨ ᠪᠠᠶᠢᠳᠠᠯ ᠢ ᠲᠣᠬᠢᠷᠠᠭᠤᠯᠬᠤ ᠪᠠ ᠮᠠᠯ ᠵᠢᠭᠦᠷᠲᠡᠨ ᠢ ᠬᠢᠨᠠᠨ ᠪᠦᠷᠢᠳᠬᠡᠬᠦ ᠶᠢ ᠰᠠᠶᠢᠲᠤᠷ ᠬᠢᠬᠦ ᠬᠡᠷᠡᠭᠲᠡᠶ᠃ ᠲᠠᠪᠤ ᠳᠤ ᠬᠠᠪᠤᠷ ᠤᠨ ᠣᠯᠠᠷᠢᠯ ᠤᠨ ᠲᠥᠯ ᠲᠣᠰᠴᠤ ᠪᠤᠶᠢᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃ ᠵᠢᠷᠭᠤᠭ᠎ᠠ ᠳᠤ᠂ ᠬᠠᠪᠤᠷ ᠤᠨ ᠣᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠢ ᠪᠠᠶᠢᠬᠤ ᠶᠢᠨ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠢ ᠭᠡᠵᠡᠢ᠃      ᠬᠠᠪᠤᠷ ᠤᠨ ᠲᠠᠷᠢᠶᠠᠯᠠᠭ᠎ᠠ ᠤᠳᠠᠯ ᠦᠭᠡᠢ ᠶᠠᠭᠠᠷᠠᠤ ᠦᠶ᠎ᠡ ᠳᠡᠭᠡᠨ ᠣᠷᠣᠬᠤ ᠭᠡᠵᠦ ᠪᠣᠢ᠂ ᠲᠢᠩᠬᠢᠮ ᠤᠨ ᠳᠠᠷᠤᠭ᠎ᠠ ᠬᠥᠸᠧ ᠵᠢᠶᠠᠨ ᠠᠴᠠ ᠡᠯ᠎ᠡ ᠱᠠᠲᠤᠨ ᠤ ᠮᠠᠯ ᠠᠵᠤ ᠠᠬᠤᠶ ᠲᠠᠷᠢᠶᠠᠯᠠᠩ ᠤᠨ ᠰᠠᠯᠠᠭ᠎ᠠ ᠮᠥᠴᠢᠷ ᠳᠠᠷᠤᠶ ᠲᠦᠷᠭᠡᠨ ᠬᠥᠳᠡᠯᠦᠯᠴᠡᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠵᠠᠮ ᠨᠡᠭᠡᠭᠡᠨ ᠤᠷᠤᠭᠰᠢᠯᠠᠵᠤ᠂ ᠦᠨᠡᠨ ᠠᠳᠬᠤᠨ ᠪᠣᠳᠠᠲᠠᠶ ᠠᠵᠢᠯᠯᠠᠵᠤ᠂ ᠬᠠᠪᠤᠷ ᠤᠨ ᠤᠯᠠᠷᠢᠯ ᠤᠨ ᠮᠠᠯ ᠠᠵᠤ ᠠᠬᠤᠶ ᠲᠠᠷᠢᠶᠠᠯᠠᠩ ᠤᠨ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠬᠦ ᠵᠢᠯ ᠤᠨ ᠮᠠᠯ ᠠᠵᠤ ᠠᠬᠤᠶ ᠲᠠᠷᠢᠶᠠᠯᠠᠩ ᠤᠨ ᠠᠵᠢᠯ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ ᠭᠡᠵᠦ ᠱᠠᠭᠠᠷᠳᠠᠵᠠᠢ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠸᠠᠩ ᠢᠦᠶ ᠮᠢᠩ ᠴᠢᠬᠤᠯᠠ ᠶᠠᠷᠢᠶ᠎ᠠ ᠲᠠᠯᠪᠢᠵᠤ᠂ ᠬᠠᠪᠤᠷ ᠤᠨ ᠤᠯᠠᠷᠢᠯ ᠤᠨ ᠮᠠᠯ ᠠᠵᠤ ᠠᠬᠤᠶ ᠲᠠᠷᠢᠶᠠᠯᠠᠩ ᠤᠨ ᠦᠢᠯᠡᠳᠪᠦᠷᠢᠯᠡᠯ ᠪᠣᠯᠣᠨ ᠤᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠳᠤ ᠨᠠᠷᠢᠨ ᠪᠠᠶᠢᠷᠢᠯᠠᠭᠤᠯᠤᠯᠲᠠ ᠬᠢᠪᠡ᠃ ᠲᠡᠷᠡ ᠴᠢᠬᠤᠯᠠᠴᠢᠯᠠᠭᠰᠠᠨ ᠨᠢ᠂ ᠬᠠᠪᠤᠷ ᠤᠨ ᠤᠯᠠᠷᠢᠯ ᠤᠨ ᠮᠠᠯ ᠠᠵᠤ ᠠᠬᠤᠶ ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯ ᠤᠨ ᠳᠤᠮᠳᠠ᠂ ᠶᠠᠭᠤᠨ ᠤ ᠡᠮᠦᠨ᠎ᠡ ᠤᠯᠤᠰ ᠤᠨ ᠡᠷᠳᠡᠨᠢ ᠰᠢᠰᠢ ᠬᠤᠷᠢᠶᠠᠵᠤ ᠨᠦᠭᠡᠴᠡᠯᠡᠬᠦ ᠲᠦᠷᠢᠮ ᠤᠨ ᠦᠭᠡᠷᠡᠴᠢᠯᠡᠯᠳᠡ ᠶᠢ ᠰᠠᠶᠢᠳᠤᠷ ᠨᠠᠶᠢᠳᠠᠪᠤᠷᠢᠵᠢᠭᠤᠯᠬᠤ ᠬᠡᠷᠡᠭᠳᠡᠢ︔ ᠬᠤᠶᠠᠷ ᠲᠤ ᠮᠠᠯ ᠠᠵᠤ ᠠᠬᠤᠢ ᠲᠠᠷᠢᠶᠠᠯᠠᠩ ᠤᠨ ᠪᠦᠳᠦᠴᠡ ᠶᠢ ᠢᠳᠡᠪᠬᠢᠳᠡᠢ ᠲᠤᠬᠢᠷᠠᠭᠤᠯᠬᠤ ᠬᠡᠷᠡᠭᠳᠡᠢ︔ ᠭᠤᠷᠪᠠ ᠳᠤ ᠮᠠᠯᠴᠢᠨ ᠲᠠᠷᠢᠶᠠᠴᠢᠨ ᠤ ᠤᠷᠤᠯᠭ᠎ᠠ ᠶᠢᠨ ᠦᠷᠭᠦᠯᠵᠢᠯᠡᠨ ᠨᠡᠮᠡᠭᠳᠡᠬᠦ ᠶᠢ ᠠᠬᠢᠭᠤᠯᠬᠤ ᠬᠡᠷᠡᠭᠳᠡᠢ︔ ᠲᠦᠷᠪᠡ ᠳᠤ ᠮᠠᠯ ᠠᠵᠤ ᠠᠬᠤᠢ ᠲᠠᠷᠢᠶᠠᠯᠠᠩ ᠦᠢᠯᠡᠳᠪᠦᠷᠢᠯᠡᠯ ᠤᠨ ᠦᠢᠯᠡᠴᠢᠯᠡᠭᠡ ᠪᠣᠯᠣᠨ ᠪᠠᠳᠤᠯᠠᠭ᠎ᠠ ᠶᠢᠨ ᠲᠦᠪᠰᠢᠨ ᠢ ᠴᠢᠩᠭᠠᠳᠬᠠᠬᠤ ᠬᠡᠷᠡᠭᠳᠡᠢ︔ ᠲᠠᠪᠤ ᠳᠤ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠤᠨ ᠠᠶᠤᠯ ᠦᠭᠡᠢ ᠪᠠᠶᠢᠬᠤ ᠶᠢ ᠲᠡᠭᠡᠳᠦ ᠬᠡᠮᠵᠢᠶ᠎ᠠ ᠪᠠᠷᠴᠢᠬᠤᠯᠠᠴᠢᠯᠠᠬᠤ ᠬᠡᠷᠡᠭᠳᠡᠢ ᠭᠡᠵᠡᠢ᠃      ᠤᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠶ ᠲᠡᠷᠡ ᠵᠢᠭᠠᠵᠤ ᠭᠠᠷᠭᠠᠭᠰᠠᠨ ᠨᠢ᠂ ᠨᠢᠭᠡ ᠳᠤ ᠭᠠᠯ ᠤᠨ ᠡᠬᠢ ᠰᠤᠷᠪᠣᠯᠵᠢ ᠶᠢ ᠴᠢᠩᠭ᠎ᠠ ᠬᠠᠮᠢᠶᠠᠷᠤᠨ ᠡᠵᠡᠮᠳᠡᠬᠦ ᠬᠡᠷᠡᠭᠲᠡᠶ᠃ ᠬᠤᠶᠠᠷ ᠲᠤ᠂ ᠤᠷᠢᠳᠴᠢᠯᠠᠨ ᠰᠡᠷᠡᠮᠵᠢᠯᠡᠬᠦ ᠬᠢᠨᠠᠨ ᠪᠠᠶᠢᠴᠠᠭᠠᠯᠲᠠ ᠪᠠᠨ ᠴᠢᠩᠭᠠᠳᠬᠠᠬᠤ ᠬᠡᠷᠡᠭᠲᠡᠢ᠃ ᠭᠤᠷᠪᠠ ᠳᠤ᠂ ᠭᠠᠯ ᠤᠨ ᠠᠶᠤᠯ ᠢ ᠥᠨᠳᠥᠷ ᠦᠷ᠎ᠡ ᠪᠦᠲᠦᠮᠵᠢᠲᠡᠶ ᠪᠠᠷ ᠰᠢᠢᠳᠪᠦᠷᠢᠯᠡᠬᠦ ᠬᠡᠷᠡᠭᠲᠡᠶ᠃ ᠲᠦᠷᠪᠡ ᠳᠤ ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ ᠶᠢ ᠴᠢᠩᠭᠠᠳᠬᠠᠬᠤ ᠬᠡᠷᠡᠭᠲᠡᠶ᠃ ᠲᠠᠪᠤ ᠳᠤ ᠤᠬᠠᠭᠤᠯᠬᠤ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠵᠢᠷᠭᠤᠭ᠎ᠠ ᠳᠤ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ ᠭᠡᠵᠡᠢ᠃      ᠲᠡᠷᠡ ᠱᠠᠭᠠᠷᠳᠠᠭᠰᠠᠨ ᠨᠢ᠂ ᠡᠯ᠎ᠡ ᠱᠠᠲᠤᠨ ᠤ ᠺᠠᠳ᠋ᠷᠴᠤᠳ ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ ᠬᠤᠪᠢᠷᠠᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ᠂ ᠲᠠᠷᠢᠶᠠᠯᠠᠩ ᠤᠨ ᠦᠨᠡᠨ ᠪᠠᠶᠢᠳᠠᠯ ᠢ ᠰᠠᠶᠢᠲᠤᠷ ᠣᠶᠢᠯᠠᠭᠠᠵᠤ᠂ ᠮᠠᠯ ᠠᠵᠤ ᠠᠬᠤᠶ ᠲᠠᠷᠢᠶᠠᠯᠠᠩ ᠤᠨ ᠦᠢᠯᠡᠳᠪᠦᠷᠢᠯᠡᠯ ᠤᠨ ᠵᠢᠯᠤᠭᠤᠳᠤᠯᠭ᠎ᠠ ᠪᠣᠯᠤᠨ ᠦᠢᠯᠡᠴᠢᠯᠡᠭᠡ ᠶᠢ ᠦᠨᠡᠨᠬᠦ ᠰᠠᠶᠢᠲᠤᠷ ᠬᠢᠵᠦ᠂ ᠮᠠᠯᠴᠢᠨ ᠲᠠᠷᠢᠶᠠᠴᠢᠳ ᠢ ᠬᠠᠪᠰᠤᠷᠴᠤ ᠦᠢᠯᠡᠳᠪᠦᠷᠢᠯᠡᠯ ᠤᠨ ᠳᠤᠮᠳᠠᠬᠢ ᠪᠡᠷᠬᠡ ᠠᠰᠠᠭᠤᠳᠠᠯ ᠢ ᠰᠢᠢᠳᠪᠦᠷᠢᠯᠡᠵᠦ᠂ ᠰᠢᠯᠢᠳᠡᠭ ᠰᠡᠶᠢᠠ ᠰᠤᠷᠲᠠᠯ ᠢᠶᠠᠷ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号