3 ᠳ᠋ᠤᠭᠠᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ | ᠭᠡᠷ 2016 ᠣᠨ ᠤ ᠪᠦᠬᠦ ᠣᠷᠣᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠤᠨ ᠬᠤᠷᠠᠯᠳᠤᠭᠠᠨ ᠢ | ᠬᠤᠷᠠᠯᠳᠤᠭᠤᠯᠪᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠤᠯᠢ ᠳᠦᠷᠢᠮ ᠤᠨ ᠠᠯᠪᠠᠨ ᠭᠡᠷ ᠤᠨ | ᠵᠣᠬᠢᠴᠠᠭᠤᠯᠬᠤ ᠵᠤᠷᠭᠠᠨ ᠤ ᠳᠡᠳ᠋ ᠳᠠᠷᠤᠭ᠎ᠠ ᠵᠠᠩ ᠶᠤᠸᠠᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠰᠦᠨ ᠬᠤᠢ | ᠮᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠬᠠᠤᠯᠢ ᠳᠦᠷᠢᠮ ᠤᠨ ᠠᠯᠪᠠᠨ ᠭᠡᠷ ᠤᠨ ᠳᠡᠳ᠋ ᠡᠷᠬᠢᠯᠡᠭᠴᠢ ᠴᠢᠶᠣᠣ ᠰᠢᠨ᠂ ᠵᠢᠶᠠ ᠯᠢ᠂ ᠵᠠᠩ ᠰᠢᠶᠣᠣ ᠫᠢᠩ ᠥᠪᠡᠷ | ᠥᠪᠡᠷ ᠤᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠢᠶᠠᠨ ᠲᠤᠰ ᠲᠤᠰ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ | ᠳᠡᠭᠡᠷ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠬᠡᠷᠡᠭᠵᠢᠭᠦᠯᠬᠦ ᠬᠦᠲᠦᠯᠪᠦᠷᠢ ︵2015 — 2020 ᠣᠨ︶﹀ ᠶᠢ ᠨᠠᠶᠢᠳᠠᠪᠤᠷᠢᠵᠢᠭᠤᠯᠬᠤ | ᠬᠡᠷᠡᠭᠵᠢᠭᠦᠯᠬᠦ ᠲᠥᠰᠦᠯ︾ ᠤᠨ ᠲᠤᠬᠠᠢ ᠳᠤᠭᠤᠶᠢᠯᠠᠩ ᠬᠤᠪᠢᠶᠠᠵᠤ ᠶᠠᠷᠢᠯᠴᠠᠪᠠ᠃ ᠡᠯ᠎ᠡ ᠠᠶᠢᠮᠠᠭ ᠬᠤᠳᠠ ᠶᠢᠨ | ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠨ ᠡᠷᠬᠢᠯᠡᠭᠴᠢ ᠬᠢᠭᠡᠳ ᠡᠯ᠎ᠡ ᠰᠠᠯᠠᠭ᠎ᠠ ᠮᠥᠴᠢᠷ ᠤᠨ ᠬᠠᠤᠯᠢ | ᠲᠥᠷᠢᠮ ᠤᠨ ᠪᠠᠶᠢᠭᠤᠯᠤᠮᠵᠢ ᠶᠢᠨ ᠭᠤᠣᠯ ᠬᠠᠷᠢᠭᠤᠴᠠᠯᠭᠠᠲᠠᠨ ᠵᠡᠷᠭᠡ 100 ᠭᠠᠷᠤᠶ ᠬᠥᠮᠦᠨ ᠬᠤᠷᠠᠯ ᠳᠤ | ᠣᠷᠣᠯᠴᠠᠵᠠᠶ᠃ ᠬᠤᠷᠠᠯ ᠳᠤ ︽12·5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠦᠬᠦ ᠣᠷᠣᠨ ᠤ | ᠬᠠᠤᠯᠢ ᠪᠠᠷ ᠵᠠᠰᠠᠭ ᠶᠠᠪᠤᠭᠤᠯᠬᠤ ᠠᠵᠢᠯ ᠤᠨ ᠠᠮᠵᠢᠯᠲᠠ ᠪᠠᠨ ᠡᠷᠭᠢᠴᠡᠭᠦᠯᠵᠦ᠂ ᠥᠩᠭᠡᠷᠡᠭᠰᠡᠨ ᠨᠢᠭᠡ ᠵᠢᠯ ᠤᠨ | ᠠᠵᠢᠯ ᠢᠶᠠᠨ ᠪᠦᠬᠦ ᠲᠠᠯ᠎ᠠ ᠪᠠᠷ ᠳ᠋ᠦᠩᠨᠡᠵᠦ᠂ ᠡᠨᠡ ᠵᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠪᠠᠨ ᠰᠤᠳᠤᠯᠤᠨ | ᠪᠠᠶᠢᠷᠢᠯᠠᠭᠤᠯᠵᠠᠶ᠃ ᠳᠡᠳ᠋ ᠡᠷᠬᠢᠯᠡᠭᠴᠢ ᠴᠢᠶᠣᠣ ᠰᠢᠨ ᠬᠤᠷᠠᠯ ᠡᠷᠭᠢᠯᠡᠪᠡ᠃ | ᠵᠠᠩ ᠶᠤᠸᠠᠢ ᠳᠡᠳ᠋ ᠵᠣᠷᠭᠠᠨ ᠳᠠᠷᠤᠭ᠎ᠠ ᠶᠠᠷᠢᠶᠠᠨ ᠳᠠᠭᠠᠨ ᠮᠠᠨ ᠤ ᠣᠷᠣᠨ ᠤ ᠤᠢᠢᠷ᠎ᠠ ᠶᠢᠨ ᠵᠢᠯ ᠤᠳ ᠤᠨ | ᠵᠠᠰᠠᠭ ᠤᠨ ᠣᠷᠳᠣᠨ ᠤ ᠬᠠᠤᠯᠢ ᠲᠦᠷᠢᠮ ᠤᠨ ᠠᠵᠢᠯ ᠪᠠ ᠬᠠᠤᠯᠢ ᠪᠠᠷ ᠵᠠᠰᠠᠭ ᠶᠠᠪᠤᠭᠤᠯᠬᠤ ᠠᠵᠢᠯ ᠤᠨ ᠣᠯᠤᠭᠰᠠᠨ | ᠠᠮᠵᠢᠯᠲᠠ ᠶᠢ ᠭᠦᠢᠴᠡᠳ ᠨᠤᠲᠠᠯᠠᠭᠰᠠᠨ ᠪᠥᠭᠡᠳ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ | ᠬᠡᠷᠡᠭᠵᠢᠭᠦᠯᠬᠦ ᠬᠦᠲᠦᠯᠪᠦᠷᠢ︾ ᠶᠢ ᠬᠡᠷᠬᠢᠨ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠭᠤᠷᠪᠠᠨ | ᠵᠦᠢᠯ ᠤᠨ ᠱᠠᠭᠠᠷᠳᠠᠯᠭ᠎ᠠ ᠳᠤᠷᠠᠳᠪᠠ᠄ ᠨᠢᠭᠡ ᠳᠤ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠬᠡᠷᠡᠭᠵᠢᠭᠦᠯᠬᠦ ᠬᠦᠲᠦᠯᠪᠦᠷᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠦᠵᠡᠯ ᠲᠠᠨᠢᠯᠲᠠ ᠶᠢ | ᠭᠦᠢᠴᠡᠳ ᠪᠤᠢ ᠪᠣᠯᠭᠠᠬᠤ ᠬᠡᠷᠡᠭᠲᠡᠢ︔ ᠬᠤᠶᠠᠷ ᠲᠤ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠬᠡᠷᠡᠭᠵᠢᠭᠦᠯᠬᠦ ᠬᠦᠲᠦᠯᠪᠦᠷᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠠᠷᠭ᠎ᠠ | ᠬᠡᠮᠵᠢᠶ᠎ᠡ ᠶᠢ ᠪᠠᠶᠢᠷᠢᠨ ᠳᠤ ᠨᠢ ᠬᠦᠷᠦᠭᠦᠯᠬᠦ ᠬᠡᠷᠡᠭᠲᠡᠢ︔ ᠭᠤᠷᠪᠠ ᠳᠤ ︽ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢ ᠬᠡᠷᠡᠭᠵᠢᠭᠦᠯᠬᠦ ᠬᠦᠲᠦᠯᠪᠦᠷᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠶᠢ ᠪᠠᠶᠢᠷᠢᠨ ᠳᠤ ᠨᠢ ᠬᠦᠷᠦᠭᠦᠯᠬᠦ ᠬᠡᠷᠡᠭᠲᠡᠢ ᠭᠡᠵᠡᠢ᠃ | ᠰᠦᠨ ᠬᠤᠢ ᠮᠢᠨ ᠨᠠᠷᠢᠨ ᠪᠢᠴᠢᠭ ᠤᠨ ᠳᠠᠷᠤᠭ᠎ᠠ ᠵᠢᠭᠠᠵᠤ ᠭᠠᠷᠭᠠᠭᠰᠠᠨ ᠨᠢ᠂ ︽12·5︾ ᠶᠢᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠠᠤᠯᠢ ᠪᠠᠷ ᠵᠠᠰᠠᠭ ᠶᠠᠪᠤᠭᠤᠯᠬᠤ ᠦᠢᠯᠡᠳᠦᠯᠭᠡ ᠶᠢ ᠡᠷᠭᠢᠴᠡᠭᠦᠯᠪᠡᠯ᠂ | ᠪᠢᠳᠡ ᠳᠤ ᠪᠦᠬᠦ ᠣᠷᠣᠨ ᠤ ᠵᠠᠰᠠᠭ ᠤᠨ ᠣᠷᠳᠣᠨ ᠤ ᠬᠠᠤᠯᠢ ᠲᠦᠷᠢᠮ ᠤᠨ ᠠᠵᠢᠯ ᠢ ᠰᠠᠶᠢᠳᠤᠷ ᠬᠢᠬᠦ ᠳᠤ᠄ | ᠡᠷᠬᠡᠪᠰᠢ ᠶᠡᠭᠡ ᠲᠠᠯ᠎ᠠ ᠶᠢᠨ ᠦᠵᠡᠯ ᠤᠬᠠᠮᠰᠠᠷ ᠢ ᠢᠮᠠᠭᠲᠠ ᠪᠠᠷᠢᠮᠲᠠᠯᠠᠬᠤ ᠬᠡᠷᠡᠭᠲᠡᠢ︔ ︽ᠵᠠᠩᠭᠢᠯᠠᠭ᠎ᠠ ᠶᠢᠨ ᠴᠥᠭᠡᠨ | ᠲᠣᠭᠠᠲᠠᠨ︾ ᠢ ᠡᠷᠬᠡᠪᠰᠢ ᠢᠮᠠᠭᠲᠠ ᠪᠠᠷᠢᠮᠲᠠᠯᠠᠬᠤ ᠬᠡᠷᠡᠭᠲᠡᠶ︔ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠶᠢ | ᠡᠷᠬᠡᠪᠰᠢ ᠢᠮᠠᠭᠲᠠ ᠪᠠᠷᠢᠮᠲᠠᠯᠠᠬᠤ ᠬᠡᠷᠡᠭᠲᠡᠶ︔ ᠬᠠᠷᠢᠭᠤᠴᠠᠯᠭ᠎ᠠ ᠡᠭᠦᠷᠭᠡᠯᠡᠬᠦ ᠬᠠᠷᠢᠭᠤᠴᠠᠯᠭ᠎ᠠ ᠪᠠᠨ ᠭᠦᠢᠴᠡᠳᠬᠡᠨ | ᠪᠣᠳᠠᠲᠤ ᠠᠵᠢᠯᠯᠠᠭ᠎ᠠ ᠶᠢ ᠡᠷᠬᠢᠮᠯᠡᠬᠦ ᠶᠢ ᠡᠷᠬᠡᠪᠰᠢ ᠢᠮᠠᠭᠲᠠ ᠪᠠᠷᠢᠮᠲᠠᠯᠠᠬᠤ ᠬᠡᠷᠡᠭᠲᠡᠶ ᠭᠡᠵᠡᠢ᠃ | ᠰᠦᠨ ᠬᠤᠢ ᠮᠢᠨ ᠨᠠᠷᠢᠨ ᠪᠢᠴᠢᠭ ᠤᠨ ᠳᠠᠷᠤᠭ᠎ᠠ ᠴᠢᠬᠤᠯᠠᠴᠢᠯᠠᠭᠰᠠᠨ ᠨᠢ᠂ ᠵᠠᠰᠠᠭ ᠤᠨ ᠣᠷᠳᠣᠨ ᠤ ᠬᠠᠤᠯᠢ | ᠲᠦᠷᠢᠮ ᠤᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ᠂ ᠠᠵᠠ ᠲᠣᠬᠢᠶᠠᠯ ᠪᠠ ᠥᠷᠢᠰᠥᠯᠳᠦᠭᠡᠨ ᠤᠷᠢᠳᠤ ᠡᠮᠦᠨ᠎ᠡ | ᠪᠠᠶᠢᠭ᠎ᠠ ᠦᠭᠡᠢ᠃ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠢ ᠰᠠᠶᠢᠲᠤᠷ ᠬᠢᠬᠦ ᠳᠤ ᠶᠡᠭᠡ ᠬᠠᠨᠳᠤᠰᠢ ᠶᠢ | ᠦᠵᠡᠬᠦ᠂ ᠪᠦᠬᠦ ᠲᠠᠯ᠎ᠠ ᠶᠢ ᠪᠣᠳᠣᠯᠬᠢᠯᠠᠬᠤ᠂ ᠶᠡᠷᠦᠩᠬᠡᠶ ᠪᠠᠶᠢᠳᠠᠯ ᠶᠡᠭᠡ ᠲᠠᠯ᠎ᠠ ᠠᠴᠠ ᠠᠵᠢᠯ ᠤᠨ ᠬᠦᠴᠦᠯᠡᠬᠦ | ᠴᠢᠭ᠋ ᠢᠶᠠᠨ ᠣᠨᠣᠪᠴᠢᠲᠠᠶ ᠡᠷᠢᠨ ᠤᠯᠬᠤ ᠬᠡᠷᠡᠭᠲᠡᠶ ᠭᠡᠪᠡ᠃ ᠲᠡᠷᠡ ᠱᠠᠭᠠᠷᠳᠠᠭᠰᠠᠨ ᠨᠢ᠂ ᠨᠢᠭᠡ ᠳᠤ ᠵᠠᠰᠠᠭ ᠤᠨ | ᠣᠷᠳᠣᠨ ᠤ ᠬᠠᠤᠯᠢ ᠲᠣᠭᠲᠠᠭᠠᠬᠤ ᠠᠵᠢᠯ ᠢ ᠬᠦᠴᠦᠯᠡᠨ ᠰᠠᠶᠢᠲᠤᠷ ᠠᠳᠬᠤᠵᠤ᠂ ᠨᠠᠷᠠᠯᠢᠭ ᠣᠨᠣᠪᠴᠢᠲᠠᠢ ᠪᠠᠷ ᠬᠠᠤᠯᠢ | ᠲᠣᠭᠲᠠᠭᠠᠬᠤ᠂ ᠬᠠᠤᠯᠢ ᠲᠣᠭᠲᠠᠭᠠᠯᠲᠠ ᠶᠢᠨ ᠨᠠᠷᠢᠯᠢᠭᠵᠢᠭᠤᠯᠤᠯᠲᠠ ᠶᠢ ᠴᠢᠬᠤᠯᠠᠴᠢᠯᠠᠵᠤ᠂ ᠬᠠᠤᠯᠢ ᠲᠣᠭᠲᠠᠭᠠᠬᠤ ᠳᠤ | ᠨᠢᠭᠡᠳᠦᠯᠲᠡᠶ ᠲᠥᠯᠥᠪᠯᠡᠬᠦ ᠪᠠ ᠬᠠᠤᠯᠢ ᠲᠣᠭᠲᠠᠭᠠᠬᠤ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ | ᠵᠠᠬᠢᠷᠭᠠᠨ ᠤ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ | ᠲᠣᠭᠲᠠᠴᠠ ᠶᠢᠨ ᠪᠦᠬᠦ ᠤᠯᠤᠰ ᠤᠨ ᠲᠤᠷᠰᠢᠯᠲᠠ ᠶᠢᠨ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠬᠤᠶᠠᠷ ᠲᠤ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠦᠴᠦᠯᠡᠨ ᠬᠤᠪᠢᠷᠠᠭᠤᠯᠵᠤ᠂ ᠥᠪᠡᠷᠲᠡᠭᠡᠨ ᠵᠠᠰᠠᠬᠤ ᠣᠷᠣᠨ᠂ | ᠠᠶᠢᠮᠠᠭ ᠬᠤᠳᠠ᠂ ᠬᠤᠰᠢᠭᠤ ᠰᠢᠶᠠᠨ ᠭᠤᠷᠪᠠᠨ ᠱᠠᠲᠤᠨ ᠤ ᠵᠠᠰᠠᠭ ᠵᠠᠬᠢᠷᠭᠠᠨ ᠤ ᠡᠷᠬᠡ ᠬᠠᠷᠢᠭᠤᠴᠠᠯᠭ᠎ᠠ ᠶᠢᠨ | ᠲᠣᠳᠣᠷᠬᠠᠶ ᠬᠠᠭᠤᠳᠠᠰᠤ ᠶᠢ ᠪᠠᠶᠢᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠶᠠᠪᠤᠴᠠ ᠶᠢ ᠳᠦᠭᠦᠮᠴᠢᠯᠡᠨ | ᠰᠢᠯᠢᠳᠡᠭᠵᠢᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠠᠤᠯᠢ ᠶᠣᠰᠣᠭᠠᠷ ᠪᠦᠬᠦ ᠲᠠᠯ᠎ᠠ ᠪᠠᠷ | ᠭᠦᠢᠴᠡᠳᠬᠡᠬᠦ ᠶᠢ ᠲᠦᠯᠬᠢᠨ ᠠᠬᠢᠭᠤᠯᠬᠤ ᠬᠡᠷᠡᠭᠲᠡᠶ᠃ ᠭᠤᠷᠪᠠ ᠳᠤ ᠲᠥᠪ ᠭᠤᠣᠯᠴᠢ ᠪᠣᠯᠪᠠᠰᠤᠨ ᠢᠶᠠᠷ ᠬᠠᠤᠯᠢ | ᠬᠡᠷᠡᠭᠵᠢᠭᠦᠯᠬᠦ ᠶᠢ ᠬᠦᠴᠦᠯᠡᠨ ᠠᠬᠢᠭᠤᠯᠵᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠥᠭᠡᠷᠡᠴᠢᠯᠡᠯᠲᠡ ᠶᠢᠨ | ᠠᠵᠢᠯ ᠢ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠬᠤ | ᠬᠡᠷᠡᠭᠲᠡᠢ᠃ ᠲᠦᠷᠪᠡ ᠳᠤ ᠨᠡᠶᠢᠭᠡᠮ ᠤᠨ ᠵᠥᠷᠢᠴᠡᠯ ᠢ ᠬᠦᠴᠦᠯᠡᠨ ᠨᠠᠮᠳᠠᠭᠤᠯᠵᠤ᠂ ᠵᠠᠰᠠᠭ ᠵᠠᠬᠢᠷᠭᠠᠨ ᠤ ᠲᠠᠬᠢᠨ | ᠵᠥᠪᠯᠡᠬᠦ ᠶᠢ ᠵᠢᠷᠤᠮᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠳᠠᠬᠢᠨ ᠵᠥᠪᠯᠡᠬᠦ ᠬᠡᠷᠡᠭ ᠢ ᠲᠠᠰᠤᠯᠠᠬᠤ | ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠳᠦᠷᠢᠮ ᠢ ᠪᠦᠷᠢᠨᠰᠢᠭᠦᠯᠵᠦ | ᠂ ᠵᠠᠰᠠᠭ ᠵᠠᠬᠢᠷᠭᠠᠨ ᠤ ᠡᠶᠡᠳᠡᠭᠦᠯᠭᠡ ᠶᠢᠨ ᠠᠵᠢᠯ ᠤᠨ ᠢᠲᠡᠭᠡᠭᠦᠯᠬᠦ ᠬᠦᠴᠦᠨ ᠢ ᠳᠡᠭᠡᠭᠰᠢᠯᠡᠭᠦᠯᠵᠦ᠂ ᠬᠥᠨᠳᠡᠯᠡᠨ ᠠᠴᠠ | ᠲᠠᠰᠤᠯᠬᠤ ᠠᠵᠢᠯ ᠤᠨ ᠵᠢᠭᠤᠷᠠᠯᠳᠤᠭᠠᠨ ᠢ ᠨᠠᠮᠳᠠᠭᠤᠯᠵᠤ ᠮᠠᠷᠭᠤᠯᠳᠤᠭᠠᠨ ᠢ ᠵᠣᠭᠰᠣᠭᠠᠬᠤ ᠴᠢᠬᠤᠯᠠ ᠦᠢᠯᠡᠳᠦᠯ ᠢ | ᠪᠠᠳᠠᠷᠠᠭᠤᠯᠬᠤ ᠬᠡᠷᠡᠭᠲᠡᠢ᠃ ᠲᠠᠪᠤ ᠳᠤ ᠠᠵᠢᠯ ᠤᠨ ᠪᠠᠲᠤᠯᠠᠭ᠎ᠠ ᠶᠢ ᠬᠦᠴᠦᠯᠡᠨ ᠴᠢᠩᠭᠠᠳᠬᠠᠵᠤ᠂ ᠬᠠᠤᠯᠢ ᠲᠦᠷᠢᠮ ᠤᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠲᠦᠷᠢᠮ ᠢ ᠤᠬᠠᠭᠤᠯᠬᠤ ᠡᠷᠴᠢᠮ ᠢᠶᠠᠨ ᠨᠡᠮᠡᠭᠳᠡᠭᠦᠯᠬᠦ | ᠬᠡᠷᠡᠭᠲᠡᠶ ᠭᠡᠵᠡᠢ᠃ |