ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ︽ᠤᠯᠠᠮᠵᠢᠯᠠᠯᠲᠤ ᠰᠣᠶᠣᠯ ᠤᠨ ᠰᠠᠷ᠎ᠠ ᠪᠦᠷᠢ ᠶᠢᠨ ᠦᠯᠢᠭᠡᠷ — ᠨᠡᠬᠡᠬᠡᠭᠰᠡᠨ ᠬᠠᠩᠰᠢ ᠢᠷᠡᠬᠦᠶ᠎ᠡ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨᠠᠮ · ᠭᠠᠷ ᠢᠶᠠᠷ ᠣᠶᠣᠭᠰᠠᠨ ᠥᠭᠡᠳᠡᠰᠦᠨ ᠨᠠᠭᠠᠮᠠᠯ ᠵᠢᠷᠤᠭ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2016/4/6
         ᠦᠵᠡᠰᠬᠦᠯᠡᠩ ᠤᠨ ᠣᠷᠳᠣᠨ ᠤ ᠠᠵᠢᠯᠲᠠᠨ ᠠᠴᠠ ᠬᠠᠩᠰᠢ ᠶᠢᠨ ᠡᠳᠦᠷ ᠤᠨ ᠵᠠᠩ ᠳᠠᠳᠬᠠᠯ ᠢ                      ᠲᠠᠨᠢᠯᠴᠠᠭᠤᠯᠵᠤ ᠪᠠᠶᠢᠭ᠎ᠠ ᠨᠢ
              ᠪᠠᠭᠠᠴᠤᠳ ᠤᠨ ᠬᠤᠰᠢᠭᠤᠴᠢ ᠠᠩᠭᠢ ᠶᠢᠨ ᠬᠢᠨ ᠬᠠᠮᠲᠤ ᠶᠢᠨ ᠰᠢᠯᠦᠭ                           ᠤᠶᠠᠩᠭᠠᠯᠠᠨ ᠤᠡᠭᠰᠢᠵᠤ ᠪᠠᠶᠢᠭ᠎ᠠ ᠨᠢ      4 ᠳ᠋ᠤᠭᠡᠷ ᠰᠠᠷ᠎ᠠ ᠶᠢᠨ 1᠎ ᠤ ᠡᠳᠦᠷ᠂ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠠᠴᠠ ᠭᠤᠣᠯᠴᠢᠯᠠᠨ ᠡᠷᠭᠢᠯᠡᠭᠰᠡᠨ ︽ᠤᠯᠠᠮᠵᠢᠯᠠᠯᠲᠤ ᠰᠣᠶᠣᠯ ᠤᠨ ᠰᠠᠷ᠎ᠠ ᠪᠦᠷᠢ ᠶᠢᠨ ᠦᠯᠢᠭᠡᠷ — ᠨᠡᠬᠡᠬᠡᠭᠰᠡᠨ ᠬᠠᠩᠰᠢ ᠢᠷᠡᠬᠦᠶ᠎ᠡ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨᠠᠮ · ᠭᠠᠷ ᠢᠶᠠᠷ ᠣᠶᠣᠭᠰᠠᠨ ᠥᠭᠡᠳᠡᠰᠦᠨ ᠨᠠᠭᠠᠮᠠᠯ ᠵᠢᠷᠤᠭ︾ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠤ ᠨᠢᠭᠡᠳᠦᠭᠡᠷ ᠳᠠᠪᠬᠤᠷ ᠤᠨ ᠶᠡᠭᠡ ᠲᠠᠩᠬᠢᠮ ᠳᠤ ᠡᠷᠬᠢᠯᠡᠵᠦ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠱᠧᠩ ᠯᠢ ᠵᠡᠭᠡᠯᠢ ᠪᠠᠭ᠎ᠠ ᠰᠤᠷᠭᠠᠭᠤᠯᠢ ᠶᠢᠨ 600 ᠭᠠᠷᠤᠶ ᠪᠠᠭᠰᠢ ᠰᠤᠷᠤᠭᠴᠢᠳ ᠠᠵᠢᠯᠯᠠᠭ᠎ᠠ ᠳᠤ ᠣᠷᠣᠯᠴᠠᠭᠰᠠᠨ ᠪᠠᠶᠢᠨ᠎ᠠ      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠤ ᠪᠦᠬᠦ ᠺᠠᠳ᠋ᠷ ᠠᠵᠢᠯᠲᠠᠳ ᠪᠣᠯᠣᠨ ᠪᠠᠭᠰᠢ ᠰᠤᠷᠤᠭᠴᠢᠳ ᠬᠠᠩᠰᠢ ᠶᠢᠨ ᠡᠳᠦᠷ ᠤᠨ ᠵᠠᠩ ᠳᠠᠳᠬᠠᠯ ᠢ ᠬᠠᠮᠲᠤ ᠪᠠᠷ ᠣᠶᠢᠯᠠᠭᠠᠵᠤ᠂ ᠥᠡᠭᠭᠡᠷᠡᠭᠰᠡᠨ ᠢ ᠳᠤᠷᠠᠳᠬᠠᠵᠤ᠂ ᠦᠷᠡᠭᠳᠡᠭᠰᠡᠨ ᠪᠠᠭᠠᠲᠤᠷᠴᠤᠳ ᠤᠨ ᠦᠯᠢᠭᠡᠷ ᠲᠣᠮᠤᠭ ᠤᠳ ᠢ ᠶᠠᠷᠢᠵᠤ ᠪᠠᠶᠢᠪᠠ᠃ ᠪᠠᠭᠰᠢ ᠨᠠᠷ ᠰᠤᠷᠤᠭᠴᠢᠳ ᠢ ᠳᠠᠭᠠᠭᠤᠯᠤᠨ ᠪᠠᠭᠠᠴᠤᠳ ᠤᠨ ᠬᠤᠰᠢᠭᠤᠴᠢ ᠠᠩᠬᠢ ᠶᠢᠨ ᠲᠠᠩᠭᠠᠷᠢᠭ ᠢ ᠳᠠᠬᠢᠨᠲᠠ ᠡᠷᠬᠢᠴᠡᠭᠦᠯᠦᠨ᠂ ᠬᠠᠮᠲᠤ ᠶᠢᠨ ᠰᠢᠯᠦᠭ ᠤᠶᠠᠩᠭᠠᠯᠠᠨ ᠤᠡᠭᠰᠢᠬᠤ ᠶᠢᠨ ᠬᠠᠮᠲᠤ ᠨᠠᠶᠢᠷᠠᠯ ᠳᠠᠭᠤᠤ ᠳᠠᠭᠤᠯᠠᠵᠤ᠂ ᠬᠠᠮᠲᠤ ᠪᠠᠷ ᠢᠷᠡᠭᠡᠳᠦᠶ ᠪᠠᠨ ᠪᠠᠷᠠᠯᠠᠪᠠ᠃ ᠠᠵᠢᠯᠯᠠᠭ᠎ᠠ ᠳᠠᠭᠤᠰᠤᠭᠰᠠᠨ ᠤ ᠲᠠᠷᠠᠭ᠎ᠠ᠂ ᠪᠠᠭᠰᠢ ᠰᠤᠷᠤᠭᠴᠢᠳ ᠪᠠᠰᠠ ᠪᠦᠬᠦ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠦᠵᠡᠰᠭᠦᠯᠡᠩ ᠢ ᠲᠣᠭᠤᠷᠢᠨ ᠦᠵᠡᠵᠦ᠂ ᠪᠣᠳᠠᠰ ᠤᠨ ᠪᠤᠰᠤ ᠨᠡᠷ᠎ᠡ ᠲᠥᠷᠥᠲᠦ ᠬᠥᠮᠦᠰ ᠲᠠᠢ ᠤᠴᠠᠷᠠᠨ ᠲᠠᠨᠢᠯᠴᠠᠵᠤ᠂ ᠥᠪᠡᠷ ᠢᠶᠠᠨ ᠭᠠᠷ ᠬᠥᠳᠡᠯᠦᠯᠴᠡᠨ ᠥᠭᠡᠳᠡᠰᠦᠨ ᠨᠠᠭᠠᠮᠠᠯ ᠵᠢᠷᠤᠭ ᠦᠢᠯᠡᠳᠴᠦ᠂ ᠤᠯᠠᠮᠵᠢᠯᠠᠯᠲᠤ ᠰᠣᠶᠣᠯ ᠤᠨ ᠥᠪᠡᠷᠮᠢᠴᠡ ᠲᠠᠲᠠᠬᠤ ᠬᠦᠴᠦᠨ ᠢ ᠪᠡᠶ᠎ᠡ ᠢᠶᠠᠷ ᠢᠶᠠᠨ ᠮᠡᠳᠡᠷᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号