2016 ᠣᠨ ᠤ ︽ᠲᠠᠯ᠎ᠠ ᠨᠤᠲᠤᠭ ᠤᠨ ᠪᠣᠯᠵᠤᠭ᠎ᠠ — ᠥᠪᠥᠷ ᠮᠣᠩᠭᠤᠯ ᠤᠨ ᠣᠶᠢᠷ᠎ᠡ ᠬᠠᠪᠢ ᠶᠢᠨ ᠮᠤᠵᠢ ᠬᠤᠲᠠ ᠶᠢ ᠲᠣᠭᠤᠷᠢᠬᠤ ᠵᠢᠭᠤᠯᠴᠢᠯᠠᠯ ᠤᠨ ᠲᠠᠨᠢᠯᠴᠠᠭᠤᠯᠬᠤ ᠬᠤᠷᠠᠯ︾᠎ ᠤᠨ ᠪᠠᠷᠠᠭᠤᠨ ᠬᠤᠶᠢᠲᠤ ᠣᠷᠣᠨ ᠳᠠᠬᠢ ᠬᠤᠷᠠᠯ ᠲᠡᠭᠦᠰ ᠠᠮᠵᠢᠯᠲᠠ ᠲᠠᠢ ᠦᠨᠳᠦᠷᠯᠡᠪᠡ
ᠨᠡᠶᠢᠲᠡᠯᠡᠭᠰᠡᠨ ᠴᠠᠭ᠄
2016/4/6
     ᠣᠶᠢᠷ᠎ᠠ ᠳᠤ᠂ ︽ᠲᠠᠯ᠎ᠠ ᠨᠤᠲᠤᠭ ᠤᠨ ᠪᠣᠯᠵᠤᠭ᠎ᠠ — ᠥᠪᠥᠷ ᠮᠣᠩᠭᠤᠯ ᠤᠨ ᠣᠶᠢᠷ᠎ᠡ ᠬᠠᠪᠢ ᠶᠢᠨ ᠮᠤᠵᠢ ᠬᠤᠲᠠ ᠶᠢ ᠲᠣᠭᠤᠷᠢᠬᠤ ᠵᠢᠭᠤᠯᠴᠢᠯᠠᠯ ᠤᠨ ᠲᠠᠨᠢᠯᠴᠠᠭᠤᠯᠬᠤ ᠬᠤᠷᠠᠯ︾ ᠢᠷᠭᠠᠢ ᠳᠤ ᠠᠮᠵᠢᠯᠲᠠ ᠲᠠᠢ ᠡᠷᠬᠢᠯᠡᠭᠳᠡᠭᠰᠡᠨ ᠢ ᠳᠠᠭᠠᠯᠳᠤᠨ᠂ ᠨᠢᠭᠡ ᠭᠠᠷᠠᠭ ᠤᠨ ᠬᠤᠭᠤᠴᠠᠭᠠᠨ ᠤ ᠪᠠᠷᠠᠭᠤᠨ ᠬᠤᠶᠢᠲᠤ ᠣᠷᠣᠨ ᠳᠠᠬᠢ ︽ᠲᠠᠯ᠎ᠠ ᠨᠤᠲᠤᠭ ᠤᠨ ᠪᠣᠯᠵᠤᠭ᠎ᠠ — ᠥᠪᠥᠷ ᠮᠣᠩᠭᠤᠯ ᠤᠨ ᠣᠶᠢᠷ᠎ᠡ ᠬᠠᠪᠢ ᠶᠢᠨ ᠮᠤᠵᠢ ᠬᠤᠲᠠ ᠶᠢ  ᠲᠣᠭᠤᠷᠢᠬᠤ ᠵᠢᠭᠤᠯᠴᠢᠯᠠᠯ ᠤᠨ ᠲᠠᠨᠢᠯᠴᠠᠭᠤᠯᠬᠤ ᠬᠤᠷᠠᠯ︾ ᠲᠡᠭᠦᠰ ᠠᠮᠵᠢᠯᠲᠠ ᠲᠠᠢ ᠦᠨᠳᠦᠷᠯᠡᠪᠡ︕      ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠠᠷᠪᠠᠨ ᠶᠡᠭᠡ ᠵᠢᠭᠤᠯᠴᠢᠯᠠᠯ ᠤᠨ ᠡᠬᠢ ᠪᠠᠶᠠᠯᠢᠭ᠂ ︽643X︾ ᠨᠡᠷᠡᠲᠦ ᠲᠡᠮᠲᠡᠭᠲᠦ ᠶᠢᠨ ᠰᠢᠰᠲ᠋ᠧᠮᠵᠢ ᠶᠢᠨ ᠲᠣᠭᠤᠷᠢᠨ ᠳᠤ ᠂ ᠬᠠᠲᠤᠨ ᠭᠤᠣᠯ ᠤᠨ ︽几︾ ᠦᠰᠦᠭᠲᠦ ᠪᠤᠯᠤᠩ ᠤᠨ ᠶᠡᠭᠡ ᠭᠤᠪᠢ ᠶᠢᠨ ᠵᠠᠩ ᠦᠢᠯᠡ ᠶᠢᠨ ᠵᠢᠭᠤᠯᠴᠢᠯᠠᠯ ᠤᠨ ᠱᠤᠭᠤᠮ᠂ ᠠᠯᠠᠱᠠ ᠶᠢᠨ ᠨᠢᠭᠤᠴᠠ ᠪᠠᠷᠲᠠᠭ᠎ᠠ ᠰᠢᠨᠵᠢᠯᠡᠬᠦ ᠵᠢᠭᠤᠯᠴᠢᠯᠠᠯ ᠱᠤᠭᠤᠮ᠂ ᠴᠡᠯᠡᠭᠡᠷ ᠲᠠᠯ᠎ᠠ ᠤᠳᠤ ᠦᠶ᠎ᠡ ᠶᠢᠨ ᠲᠠᠯ᠎ᠠ ᠨᠤᠲᠤᠭ ᠤᠨ ᠪᠣᠯᠪᠠᠰᠤᠨ ᠵᠢᠭᠤᠯᠴᠢᠯᠠᠯ ᠤᠨ ᠱᠤᠭᠤᠮ᠂ ᠡᠵᠡᠨ ᠬᠠᠭᠠᠨ ᠤ ᠣᠩᠭᠤᠨ ᠤ ᠵᠢᠭᠤᠯᠴᠢᠯᠠᠯ ᠤᠨ ᠱᠤᠭᠤᠮ ᠬᠡᠮᠡᠬᠦ 4 ᠵᠣᠷᠪᠣᠰ ᠵᠢᠭᠤᠯᠴᠢᠯᠠᠯ ᠤᠨ ᠭᠤᠣᠯ ᠰᠡᠳᠦᠪᠲᠦ ᠵᠠᠮ ᠱᠤᠭᠤᠮ ᠢ ᠭᠤᠣᠯᠳᠠᠭ᠎ᠠ ᠎ ᠲᠠᠢ ᠲᠠᠨᠢᠯᠴᠠᠭᠤᠯᠪᠠ᠃ ᠰᠢ ᠠᠨ᠂ ᠯᠠᠨᠵᠧᠦ᠂ ᠢᠷᠭᠠᠢ ᠵᠡᠷᠭᠡ ᠣᠯᠠᠨ ᠠᠶᠠᠨᠴᠢᠨ ᠤ ᠢᠷᠡᠯᠲᠡ ᠲᠠᠢ ᠭᠤᠷᠪᠠ ᠭᠤᠣᠯᠳᠠᠯᠭ᠎ᠠ ᠲᠠᠢ ᠭᠠᠵᠠᠷ ᠢᠶᠠᠷ ᠲᠤᠬᠠᠶ ᠶᠢᠨ ᠭᠠᠵᠠᠷ ᠲᠤᠨᠢ  ᠲᠠᠨᠢᠯᠴᠠᠭᠤᠯᠵᠤ᠂ ᠰᠣᠯᠢᠯᠴᠠᠨ ᠶᠠᠷᠢᠯᠴᠠᠵᠤ᠂ ᠰᠠᠨᠠᠮᠵᠢ ᠶᠢᠨ ᠭᠡᠷ᠎ᠡ ᠲᠣᠭᠲᠠᠵᠤ᠂ ᠭᠤᠷᠪᠠᠨ ᠥᠷᠲᠡᠭᠡᠨ ᠳᠤ ᠲᠣᠬᠠᠢ ᠶᠢᠨ ᠭᠠᠵᠠᠷ ᠤᠨ 56 ᠵᠢᠭᠤᠯᠴᠢᠯᠠᠯ ᠤᠨ ᠭᠠᠵᠠᠷ ᠲᠠᠢ ᠭᠡᠷ᠎ᠡ ᠲᠣᠭᠲᠠᠵᠤ᠂ 2016 ᠣᠨ ᠳᠤ 20 ᠲᠦᠮᠡᠨ ᠵᠢᠭᠤᠯᠴᠢᠯᠠᠭᠴᠢ ᠶᠢ ᠬᠦᠷᠭᠡᠬᠦ ᠪᠠᠷ ᠰᠠᠨᠠᠮᠵᠢᠯᠠᠪᠠ᠃      ᠲᠠᠨᠢᠯᠴᠠᠭᠤᠯᠬᠤ ᠬᠤᠷᠠᠯ ᠨᠢ ᠵᠠᠭᠤᠴᠢᠯᠠᠭᠤᠷ ᠤᠨ ᠤᠬᠠᠭᠤᠯᠭ᠎ᠠ ᠶᠢᠨ ᠳᠠᠪᠠᠭᠤᠯᠢᠭ ᠢ ᠭᠦᠢᠴᠡᠳ  ᠪᠠᠳᠠᠷᠠᠭᠤᠯᠵᠤ᠂ ᠡᠯ᠎ᠡ ᠭᠠᠵᠠᠷ ᠤᠨ ᠭᠤᠣᠯ ᠭᠤᠣᠯ ᠵᠠᠭᠤᠴᠢᠯᠠᠭᠤᠷ ᠲᠢ ᠭᠦᠨᠵᠡᠭᠡᠶ ᠨᠡᠪᠲᠡᠷᠡᠯᠴᠡᠵᠦ᠂ ᠡᠯ᠎ᠡ ᠲᠥᠷᠥᠯ ᠤᠨ ᠰᠣᠨᠢᠨ ᠮᠡᠳᠡᠭᠡᠯᠡᠯ ᠬᠡᠳᠦᠨ ᠵᠠᠭᠤ ᠳᠤ ᠬᠦᠷᠴᠦ᠂ ︽ᠡᠭᠡ ᠣᠷᠣᠨ ᠤ ᠤᠮᠠᠷᠠᠲᠤ ᠣᠷᠣᠨ ᠂ ᠥᠩᠭᠡ ᠢᠯᠭᠠᠷᠠᠭᠰᠠᠨ ᠥᠪᠥᠷ ᠮᠣᠩᠭᠤᠯ︾ ᠬᠡᠮᠡᠬᠦ ᠨᠠᠷᠡᠳᠤ ᠲᠡᠮᠲᠡᠭᠲᠦ ᠶᠢᠨ ᠦᠢᠯᠡᠳᠦᠯ ᠢ ᠥᠷᠭᠡᠳᠬᠡᠪᠡ᠃  ᠨᠡᠷᠡᠲᠦ ᠲᠡᠮᠲᠡᠭᠲᠦ ᠶᠢ ᠤᠬᠠᠭᠤᠯᠤᠨ ᠳᠡᠯᠭᠡᠷᠡᠭᠦᠯᠬᠦ ᠲᠠᠯ᠎ᠠ ᠠᠴᠠ ᠦᠵᠡᠭᠰᠡᠨ ᠴᠦ ᠲᠡᠷᠡ᠂ ᠡᠰᠡᠬᠦᠯ᠎ᠡ ᠪᠣᠷᠣᠯᠠᠭᠤᠯᠭ᠎ᠠ ᠶᠢ ᠠᠬᠢᠭᠤᠯᠬᠤ ᠠᠷᠭ᠎ᠠ ᠵᠠᠮ ᠢ ᠨᠠᠶᠢᠳᠠᠪᠤᠷᠢᠵᠢᠭᠤᠯᠬᠤ ᠲᠠᠯ᠎ᠠ ᠪᠠᠷ ᠦᠵᠡᠭᠰᠡᠨ ᠴᠤ ᠲᠡᠷᠡ᠂ ᠲᠤᠰ ᠤᠳᠠᠭᠠᠨ ᠤ ᠥᠪᠥᠷ ᠮᠣᠩᠭᠤᠯ ᠤᠨ ᠣᠶᠢᠷ᠎ᠠ ᠬᠠᠪᠢ ᠮᠤᠵᠢ ᠬᠤᠲᠠ ᠶᠢ ᠲᠣᠭᠤᠷᠢᠬᠤ ᠪᠠᠷᠠᠭᠤᠨ ᠬᠤᠶᠢᠲᠤ ᠶᠢᠨ ᠱᠤᠭᠤᠮ ᠤᠨ ᠵᠢᠭᠤᠯᠴᠢᠯᠠᠯ ᠢ ᠲᠠᠨᠢᠯᠴᠠᠭᠤᠯᠬᠤ ᠨᠢ ᠴᠥᠮ ᠡᠯᠪᠡᠭ ᠳᠡᠯᠪᠡᠭ ᠦᠷ᠎ᠡ ᠪᠦᠲᠦᠭᠡᠯ  ᠪᠣᠯᠣᠨ ᠰᠠᠨᠠᠭ᠎ᠠ ᠲᠥᠬᠦᠷᠡᠩ ᠣᠯᠤᠯᠲᠠ ᠠᠮᠵᠢᠯᠲᠠ ᠣᠯᠵᠠᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠵᠠᠯᠭᠠᠭᠠᠳ ᠪᠠᠰᠠ ᠤᠮᠠᠷᠠᠲᠤ ᠣᠷᠣᠨ ︵ᠪᠡᠭᠡᠵᠢᠩ᠂ ᠲᠢᠶᠠᠨᠵᠢᠨ᠂ ᠴᠢᠩᠳᠣᠤ᠂ ᠵᠧᠩᠵᠧᠤ᠂ ᠱᠢ ᠵᠢᠶᠠ ᠵᠤᠸᠠᠩ ︶ ᠵᠢᠴᠢ ᠵᠡᠭᠦᠨ ᠬᠤᠶᠢᠲᠤ ᠣᠷᠣᠨ ︵ᠬᠠᠷᠪᠢᠨ᠂ ᠴᠠᠩᠴᠦ᠋ᠨ᠂ ᠳ᠋ᠠᠯᠢᠶᠠᠨ︶᠎ ᠳᠤ ᠵᠢᠭᠤᠯᠴᠢᠯᠠᠯ ᠤᠨ ᠲᠠᠨᠢᠯᠴᠠᠭᠤᠯᠬᠤ ᠬᠤᠷᠠᠯ ᠢ ᠥᠷᠭᠦᠯᠵᠢᠯᠡᠨ ᠡᠷᠬᠢᠯᠡᠬᠦ ᠪᠠᠷ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号