| | ᠤᠯᠤᠰ ᠤᠨ ᠦᠢᠯᠡᠳᠪᠦᠷᠢ ᠬᠤᠳᠠᠯᠳᠤᠭᠠᠨ ᠤ ᠶᠡᠷᠦᠩᠬᠡᠶ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ | ᠤ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠶᠢᠨ ᠬᠤᠯᠪᠣᠭᠳᠠᠯ ᠪᠦᠭᠦᠢ ᠬᠤᠷᠠᠯᠳᠤᠭᠠᠨ ᠤ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠵᠤ | ᠠᠬᠤᠶᠢᠯᠠᠯ ᠤᠨ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ 3 ᠳ᠋ᠤᠭᠠᠷ ᠰᠠᠷ᠎ᠠ ᠶᠢᠨ 30 ᠤ ᠡᠳᠦᠷ ᠠᠴᠠ 31 ᠤ ᠡᠳᠦᠷ | ᠪᠣᠯᠲᠠᠯ᠎ᠠ᠂ ᠪᠦᠬᠦ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠪᠣᠯᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ | ᠰᠠᠯᠠᠭ᠎ᠠ ᠮᠥᠴᠢᠷ᠂ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠢᠨᠠᠨ ᠬᠠᠮᠢᠶᠠᠷᠬᠤ ᠠᠵᠢᠯ ᠤᠨ | ᠪᠣᠯᠪᠠᠰᠤᠷᠠᠭᠤᠯᠤᠯ ᠤᠨ ᠠᠩᠬᠢ ︵ᠪᠠᠷᠠᠭᠤᠨ ᠪᠡᠶ᠎ᠡ ᠶᠢᠨ︶ ᠶᠢ ᠡᠷᠬᠢᠯᠡᠪᠡ᠃ | ᠲᠤᠰ ᠤᠳᠠᠭᠠᠨ ᠤ ᠪᠣᠯᠪᠠᠰᠤᠷᠠᠭᠤᠯᠤᠯ ᠨᠢ ᠲᠥᠪᠯᠡᠷᠡᠭᠦᠯᠦᠨ ᠬᠢᠴᠢᠶᠡᠯᠯᠡᠬᠦ ᠂ ᠶᠠᠷᠢᠯᠴᠠᠨ ᠰᠣᠯᠢᠯᠴᠠᠬᠤ᠂ | ᠮᠠᠳᠠᠭ ᠲᠠᠢ ᠠᠰᠠᠭᠤᠳᠠᠯ ᠤᠳ ᠢ ᠲᠠᠶᠢᠯᠪᠤᠷᠢᠯᠠᠨ ᠬᠠᠷᠢᠯᠴᠠᠨ ᠦᠢᠯᠡᠳᠦᠯᠴᠡᠬᠦ ᠵᠡᠷᠭᠡ ᠠᠷᠭ᠎ᠠ ᠮᠠᠶ᠋ᠢᠭ ᠢᠶᠠᠷ᠂ ︽ᠠᠵᠤ | ᠠᠬᠤᠶᠢᠯᠠᠯ ᠤᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠲᠦᠷ ᠬᠡᠷᠡᠭᠵᠢᠭᠦᠯᠬᠦ ᠲᠦᠷᠢᠮ︾ ᠵᠢᠴᠢ ᠢᠵᠢ ᠪᠦᠷᠢᠳᠦᠭᠦᠯᠬᠦ | ᠳᠦᠷᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ︽︿ᠤᠷᠢᠳ ᠢᠶᠠᠷ ᠡᠵᠡᠩᠨᠡᠯᠲᠡ ᠶᠢᠨ ᠦᠨᠡᠮᠯᠡᠯ ᠠᠪᠴᠤ | ᠲᠠᠷᠠᠭ᠎ᠠ ᠨᠢ ᠵᠥᠪᠰᠢᠶᠡᠷᠡᠯ ᠤᠨ ᠦᠨᠡᠮᠯᠡᠯ ᠠᠪᠬᠤ﹀ ᠥᠭᠡᠷᠡᠴᠢᠯᠡᠯᠲᠡ ᠶᠢᠨ ᠳᠠᠷᠠᠭᠠᠬᠢ᠂ ᠤᠴᠢᠷ ᠶᠠᠪᠤᠳᠠᠯ ᠤᠨ | ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠰᠠᠨᠠᠯ︾᠂ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ 38 ᠰᠠᠯᠠᠭ᠎ᠠ ᠮᠥᠴᠢᠷ ᠤᠨ ︽ᠢᠲᠡᠭᠡᠯ | ᠠᠯᠳᠠᠭᠰᠠᠨ ᠠᠵᠤ ᠠᠬᠤᠶᠢᠯᠠᠯ ᠤᠳ ᠢ ᠵᠣᠬᠢᠴᠠᠭᠤᠯᠤᠨ ᠬᠢᠨᠠᠨ ᠬᠠᠮᠢᠶᠠᠷᠬᠤ ᠪᠠ ᠬᠤᠯᠪᠣᠭᠠᠯᠠᠨ ᠵᠠᠯᠬᠠᠭᠠᠨ | ᠴᠡᠭᠡᠷᠯᠡᠭᠦᠯᠬᠦ ᠪᠢᠴᠢᠭ︾ ᠢ ᠳᠠᠷᠤᠮᠠᠯᠯᠠᠨ ᠶᠠᠪᠤᠭᠤᠯᠬᠤ ᠤᠴᠢᠷ᠂ ᠤᠯᠤᠰ ᠤᠨ ᠦᠢᠯᠡᠳᠪᠦᠷᠢ ᠬᠤᠳᠠᠯᠳᠤᠭᠠᠨ ᠤ | ᠶᠡᠷᠦᠩᠬᠡᠶ ᠲᠣᠪᠴᠢᠶᠠᠨ ᠤ ︽ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠯ ᠢᠶᠠᠨ ᠠᠯᠳᠠᠭᠰᠠᠨ ᠠᠵᠤ | ᠠᠬᠤᠶᠢᠯᠠᠯ ᠤᠨ ᠨᠡᠷᠡᠰ ᠢ ᠬᠠᠮᠢᠶᠠᠷᠬᠤ ᠲᠦᠷ ᠬᠡᠷᠡᠭᠵᠢᠭᠦᠯᠬᠦ ᠠᠷᠭ᠎ᠠ︾᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ︽ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠳᠡ ᠳᠤ ᠵᠠᠷᠯᠠᠬᠤ | ᠰᠢᠰᠲ᠋ᠧᠮ ᠤᠨ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠨᠡᠶᠢᠳᠡ ᠳᠤ ᠵᠠᠷᠯᠠᠬᠤ ᠪᠠ ᠬᠠᠮᠲᠤ ᠪᠠᠷ ᠡᠳ᠋ᠯᠡᠬᠦ ᠠᠷᠭ᠎ᠠ ᠶᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠵᠢᠴᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠵᠡᠷᠭᠡ ᠠᠭᠤᠯᠭ᠎ᠠ ᠪᠠᠷ ᠲᠠᠶᠢᠯᠤᠮᠵᠢ ᠬᠢᠬᠦ ᠶᠢᠨ ᠬᠠᠮᠲᠤ᠂ ᠬᠠᠮᠵᠢᠯᠴᠠᠨ ᠬᠢᠨᠠᠨ ᠬᠠᠮᠢᠶᠠᠷᠬᠤ ᠪᠠ ᠬᠤᠯᠪᠣᠭᠠᠯᠠᠨ | ᠵᠠᠯᠬᠠᠭᠠᠨ ᠴᠡᠭᠡᠷᠯᠡᠭᠦᠯᠬᠦ ᠲᠠᠪᠴᠠᠩ ᠤᠨ ᠪᠠᠶᠢᠭᠤᠯᠤᠯᠲᠠ ᠵᠡᠷᠭᠡ ᠠᠭᠤᠯᠭ᠎ᠠ ᠪᠠᠷ ᠲᠤᠬᠠᠶ ᠶᠢᠨ ᠭᠠᠵᠠᠷ ᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠤᠷᠢᠵᠤ ᠪᠣᠯᠪᠠᠰᠤᠷᠠᠭᠤᠯᠤᠯ ᠳᠤ ᠣᠷᠣᠯᠴᠠᠭᠤᠯᠪᠠ᠃ | | ᠡᠨᠡ ᠤᠳᠠᠭᠠᠨ ᠤ ᠪᠣᠯᠪᠠᠰᠤᠷᠠᠭᠤᠯᠤᠯ ᠨᠢ ᠳᠠᠷᠠᠭᠠᠴᠢ ᠶᠢᠨ ᠠᠯᠬᠤᠮ ᠤᠨ ᠪᠦᠬᠦ ᠣᠷᠣᠨ ᠤ ᠠᠵᠤ | ᠠᠬᠤᠶᠢᠯᠠᠯ ᠤᠨ ᠬᠢᠨᠠᠨ ᠬᠠᠮᠢᠶᠠᠷᠬᠤ ᠠᠵᠢᠯ ᠳᠤ ᠪᠠᠶᠢᠷᠢᠯᠠᠭᠤᠯᠤᠯᠲᠠ ᠬᠢᠪᠡ᠃ ᠨᠢᠭᠡ ᠳᠤ᠂ ᠰᠤᠷᠤᠯᠴᠠᠯᠭ᠎ᠠ ᠪᠠᠨ | ᠴᠢᠩᠭᠠᠳᠬᠠᠵᠤ᠂ ᠲᠠᠨᠢᠯᠲᠠ ᠪᠠᠨ ᠳᠡᠭᠡᠭᠰᠢᠯᠡᠭᠦᠯᠦᠨ᠂ ᠣᠨᠣᠯᠵᠢᠬᠤᠨ ᠢᠶᠠᠨ ᠬᠤᠪᠢᠷᠠᠭᠤᠯᠤᠨ᠎ᠠ︔ ᠬᠤᠶᠠᠷ ᠲᠤ᠂ | 2015 ᠣᠨ ᠤ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ︔ | ᠭᠤᠷᠪᠠ ᠳᠤ᠂ ᠡᠵᠡᠩᠨᠡᠯᠲᠡ ᠶᠢᠨ ᠬᠡᠪ ᠤᠨ ᠪᠤᠰᠤ ᠨᠡᠷᠡᠰ ᠲᠤ ᠵᠢᠭᠰᠠᠭᠠᠭᠳᠠᠭᠰᠠᠨ ᠠᠵᠤ ᠠᠬᠤᠶᠢᠯᠠᠯ ᠳᠤ | ᠦᠷᠭᠦᠯᠵᠢᠯᠡᠨ ᠬᠢᠨᠠᠯᠲᠠ ᠲᠠᠯᠪᠢᠬᠤ ᠶᠢ ᠦᠨᠡᠨ ᠬᠦ ᠰᠠᠶᠢᠲᠤᠷ ᠬᠢᠨ᠎ᠡ︔ ᠲᠦᠷᠪᠡ ᠳᠤ᠂ ᠠᠵᠤ ᠠᠬᠤᠶᠢᠯᠠᠯ ᠤᠨ | ᠢᠲᠡᠭᠡᠮᠵᠢ ᠶᠢᠨ ᠬᠢᠵᠠᠭᠠᠷᠯᠠᠯ ᠢ ᠴᠢᠩᠭᠠᠳᠬᠠᠨ᠎ᠠ︔ ᠲᠠᠪᠤ ᠳᠤ᠂ ︽ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠯ | ᠢᠶᠠᠨ ᠠᠯᠳᠠᠭᠰᠠᠨ ᠠᠵᠤ ᠠᠬᠤᠶᠢᠯᠠᠯ ᠤᠨ ᠨᠡᠷᠡᠰ ᠢ ᠬᠠᠮᠢᠶᠠᠷᠬᠤ ᠲᠦᠷ ᠬᠡᠷᠡᠭᠵᠢᠭᠦᠯᠬᠦ ᠠᠷᠭ᠎ᠠ︾ ᠶᠢ ᠬᠢᠨᠠᠮᠠᠭᠠᠶ | ᠨᠠᠶᠢᠳᠠᠪᠤᠷᠢᠵᠢᠭᠤᠯᠤᠨ᠎ᠠ︔ ᠵᠢᠷᠭᠤᠭ᠎ᠠ ᠳᠤ᠂ 2016 ᠣᠨ ᠤ ᠠᠵᠤ ᠠᠬᠤᠶᠢᠯᠠᠯ ᠤᠨ ᠨᠡᠶᠢᠲᠡ ᠳᠤ ᠵᠠᠷᠯᠠᠭᠰᠠᠨ | ᠮᠡᠳᠡᠭᠡ ᠵᠠᠩᠭᠢ ᠶᠢ ᠰᠤᠭᠤᠴᠢᠨ ᠪᠠᠶᠢᠴᠠᠭᠠᠬᠤ ᠠᠵᠢᠯ ᠢ ᠬᠢᠨᠠᠮᠠᠭᠠᠶ ᠰᠠᠶᠢᠲᠤᠷ ᠬᠢᠨ᠎ᠡ︔ ᠲᠤᠯᠤᠭ᠎ᠠ ᠳᠤ᠂ ᠠᠵᠤ | ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠨᠡᠶᠢᠳᠡ ᠳᠤ | ᠵᠠᠷᠯᠠᠬᠤ ᠪᠠ ᠬᠠᠮᠲᠤᠪᠠᠷ ᠡᠳ᠋ᠯᠡᠬᠦ ᠠᠵᠢᠯ ᠢ ᠰᠠᠶᠢᠲᠤᠷ ᠠᠳᠬᠤᠨ᠎ᠠ︔ ᠨᠠᠢᠮᠠ ᠳᠤ᠂ ᠲᠦᠷᠦ ᠶᠢᠨ ᠶᠠᠪᠤᠳᠠᠯ ᠤᠨ | ᠬᠤᠷᠢᠶᠠᠨ ︽ ︿ᠤᠷᠢᠳ ᠢᠶᠠᠷ ᠡᠵᠡᠩᠨᠡᠯᠲᠡ ᠶᠢᠨ ᠦᠨᠡᠮᠯᠡᠯ ᠠᠪᠴᠤ ᠲᠠᠷᠠᠭ᠎ᠠ ᠨᠢ ᠵᠥᠪᠰᠢᠶᠡᠷᠡᠯ ᠤᠨ ᠦᠨᠡᠮᠯᠡᠯ | ᠠᠪᠬᠤ﹀ ᠥᠭᠡᠷᠡᠴᠢᠯᠡᠯᠲᠡ ᠶᠢᠨ ᠳᠠᠷᠠᠭᠠᠬᠢ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ | ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠰᠠᠨᠠᠯ︾ ᠢ ᠨᠠᠷᠢᠨ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠤᠨ᠎ᠠ︔ ᠶᠢᠰᠦ ᠳᠤ᠂ ︽ᠬᠤᠣᠰ ᠬᠡᠵᠢᠶ᠎ᠡ ᠮᠠᠭᠠᠳ︾ ᠰᠤᠭᠤᠴᠢᠨ ᠪᠠᠶᠢᠴᠠᠭᠠᠬᠤ ᠲᠣᠭᠲᠠᠴᠠ ᠶᠢ | ᠴᠢᠩᠭ᠎ᠠ ᠬᠡᠷᠡᠭᠵᠢᠭᠦᠯᠦᠨ᠎ᠡ᠂ ᠠᠷᠪᠠ ᠳᠤ᠂ ᠠᠵᠤ ᠠᠬᠤᠶᠢᠯᠠᠯ ᠤᠨ ᠲᠡᠮᠳᠡᠭᠯᠡᠭᠦᠯᠦᠨ ᠳᠠᠩᠰᠠᠯᠠᠭᠤᠯᠬᠤ ᠥᠢᠯᠡ | ᠠᠵᠢᠯᠯᠠᠭ᠎ᠠ ᠶᠢ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠨ᠎ᠡ᠃ |