| | ᠣᠶᠢᠷ᠎ᠠ ᠳᠤ᠂ ᠳᠤᠮᠳᠠᠳᠤ ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠢᠭᠤᠯᠴᠢᠯᠠᠯ ᠤᠨ ᠲᠣᠪᠴᠢᠶ᠎ᠠ᠂ ᠣᠷᠣᠰ ᠤᠨ ᠪᠠᠶᠢᠭᠠᠯ ᠬᠢᠯᠢ ᠬᠢᠵᠠᠭᠠᠷ ᠣᠷᠣᠨ ᠤ ᠤᠯᠠᠨ ᠤᠯᠤᠰ ᠤᠨ | ᠬᠠᠮᠲᠤᠷᠠᠯᠴᠠᠭᠠᠨ ᠤ ᠭᠠᠳᠠᠭᠠᠳᠤ ᠲᠠᠢ ᠠᠵᠤ ᠠᠬᠤᠶ ᠶᠢᠨ ᠲᠠᠯ᠎ᠠ ᠪᠠᠷ ᠬᠠᠷᠢᠯᠴᠠᠬᠤ ᠵᠢᠭᠤᠯᠴᠢᠯᠠᠯ ᠤᠨ ᠶᠠᠮᠤᠨ᠂ | ᠣᠷᠣᠰ ᠤᠨ ᠬᠤᠯᠪᠤᠭᠠᠨ ᠤ ᠪᠦᠷᠢᠶᠠᠳ ᠪᠥᠬᠦᠳᠡ ᠨᠠᠶᠢᠷᠠᠮᠳᠠᠬᠤ ᠤᠯᠤᠰ ᠤᠨ ᠵᠢᠭᠤᠯᠴᠢᠯᠠᠯ ᠤᠨ ᠲᠣᠪᠴᠢᠶ᠎ᠠ᠂ | ᠣᠷᠣᠰ ᠤᠨᠢᠷᠺᠦ᠋ᠼᠺ ᠵᠧᠤ ᠶᠢᠨ ᠵᠢᠭᠤᠯᠴᠢᠯᠠᠯ ᠤᠨ ᠵᠠᠬᠢᠷᠭ᠎ᠠ᠂ ᠮᠣᠩᠭᠤᠯ ᠤᠯᠤᠰ ᠤᠨ ᠤᠯᠠᠭᠠᠨᠪᠠᠭᠠᠲᠤᠷ | ᠬᠤᠲᠠ ᠶᠢᠨ ᠵᠢᠭᠤᠯᠴᠢᠯᠠᠯ ᠤᠨ ᠲᠣᠪᠴᠢᠶ᠎ᠠ ᠠᠴᠠ ᠣᠷᠣᠰ ᠤᠨ ᠵᠢᠭᠤᠯᠴᠢᠯᠠᠯ ᠤᠨ ᠵᠠᠬᠢᠷᠭ᠎ᠠ ᠪᠣᠯᠤᠨ ᠮᠣᠩᠭᠤᠯ | ᠤᠯᠤᠰ ᠤᠨ ᠵᠢᠭᠤᠯᠴᠢᠯᠠᠯ ᠤᠨ ᠲᠦᠷᠦ ᠶᠢᠨ ᠪᠤᠳᠤᠯᠭ᠎ᠠ ᠶᠢ ᠵᠣᠬᠢᠴᠠᠭᠤᠯᠬᠤ ᠲᠣᠪᠴᠢᠶ᠎ᠠ ᠶᠢ ᠣᠨᠴᠠ ᠤᠷᠢᠨ ᠵᠠᠯᠠᠵᠤ | ᠮᠣᠩᠭᠤᠯ ᠤᠯᠤᠰ ᠤᠨ ᠤᠯᠠᠭᠠᠨᠪᠠᠭᠠᠲᠤᠷ ᠬᠤᠳ᠋ᠨ ᠳᠤ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠲᠠᠪᠤᠨ | ᠭᠠᠵᠠᠷ ᠣᠷᠤᠨ ᠤ ᠭᠤᠷᠪᠠᠳᠤᠭᠠᠷ ᠤᠳᠠᠭᠠᠨ ᠤ ᠵᠢᠭᠤᠯᠴᠢᠯᠠᠯ ᠤᠨ ᠬᠤᠯᠪᠤᠭᠠᠲᠤ ᠬᠤᠷᠠᠯ ᠢ ᠬᠤᠷᠠᠯᠳᠤᠭᠤᠯᠪᠠ᠃ | | | | ᠬᠤᠷᠠᠯ ᠤᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠶᠢᠨ ᠳᠡᠳ᠋ | ᠲᠣᠭᠤᠷᠢᠨ ᠪᠠᠶᠢᠴᠠᠭᠠᠭᠴᠢ ᠵᠧᠩ ᠵᠢᠶᠠ ᠨᠢᠩ ᠮᠣᠩᠭᠤᠯ ᠤᠯᠤᠰ ᠤᠨ ᠣᠷᠴᠢᠨ ᠲᠣᠭᠤᠷᠢᠨ ᠤ ᠪᠣᠬᠢᠷᠲᠤᠯ ᠦᠭᠡᠢ | ᠬᠥᠭᠵᠢᠯᠲᠡ ᠬᠢᠭᠡᠳ ᠵᠢᠭᠤᠯᠴᠢᠯᠠᠯ ᠤᠨ ᠶᠠᠮᠤᠨ ᠤ ᠲᠥᠷᠦ ᠶᠢᠨ ᠶᠠᠪᠤᠳᠠᠯ ᠤᠨ ᠨᠠᠷᠢᠨ ᠪᠢᠴᠢᠭᠡᠴᠢ ᠴ᠊ · ᠴᠡᠩᠬᠡᠯ ᠢ | ᠬᠦᠯᠢᠶᠡᠨ ᠠᠪᠴᠤ ᠠᠭᠤᠯᠵᠠᠪᠠ᠂ ᠬᠤᠷᠠᠯ ᠳᠡᠭᠡᠷ᠎ᠡ ᠳᠤᠮᠳᠠᠳᠤ ᠮᠣᠩᠭᠤᠯ ᠣᠷᠣᠰ ᠭᠤᠷᠪᠠᠨ ᠤᠯᠤᠰ ᠤᠨ ᠲᠦᠮᠡᠨ | ᠭᠠᠵᠠᠷ ᠤᠨ ᠴᠠᠢ ᠶᠢᠨ ᠵᠠᠮ ᠤᠨ ᠣᠯᠠᠨ ᠤᠯᠤᠰ ᠤᠨ ᠵᠢᠭᠤᠯᠴᠢᠯᠠᠯ ᠤᠨ ᠨᠡᠷᠡᠳᠦ ᠲᠡᠮᠳᠡᠭᠲᠦ ᠶᠢᠨ ᠪᠦᠲᠦᠭᠡᠨ | ᠪᠠᠶᠢᠭᠤᠯᠤᠯᠲᠠ ᠪᠠ ᠢᠷᠡᠭᠡᠳᠦᠶ ᠶᠢᠨ ᠬᠥᠭᠵᠢᠯᠲᠡ ᠶᠢᠨ ᠲᠤᠬᠠᠶ ᠤᠯᠠᠮ ᠨᠢᠭᠡ ᠠᠯᠬᠤᠮ ᠵᠦᠪᠳᠡᠯᠴᠡᠨ ᠡᠭᠦᠨ ᠤ | ᠬᠠᠮᠲᠤ ᠳᠡᠳ᠋ ᠲᠣᠭᠤᠷᠢᠨ ᠪᠠᠶᠢᠴᠠᠭᠠᠭᠴᠢ ᠵᠧᠩ ᠵᠢᠶᠠ ᠨᠢᠩ ᠳᠤᠮᠳᠠᠳᠤ ᠶᠢᠨ ᠲᠠᠯ᠎ᠠ ᠶᠢ ᠲᠦᠯᠦᠭᠡᠯᠡᠨ ᠲᠦᠮᠡᠨ | ᠭᠠᠵᠠᠷ ᠤᠨ ᠴᠠᠢ ᠶᠢᠨ ᠵᠠᠮ ᠤᠨ ᠣᠯᠠᠨ ᠤᠯᠤᠰ ᠤᠨ ᠵᠢᠭᠤᠯᠴᠢᠯᠠᠯ ᠤᠨ ᠨᠡᠷᠡᠲᠦ ᠲᠡᠮᠳᠡᠭᠲᠦ ᠶᠢ ᠲᠠᠨᠢᠯᠴᠠᠭᠤᠯᠤᠭᠰᠠᠨ | ᠪᠦᠭᠡᠳ ᠳᠤᠮᠳᠠᠳᠤ ᠤᠷᠤᠰ ᠮᠣᠩᠭᠤᠯ ᠭᠤᠷᠪᠠᠨ ᠤᠯᠤᠰ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠪᠣᠭᠤᠮᠲᠠ | ᠥᠩᠭᠡᠷᠡᠬᠦ ᠶᠢ ᠲᠦᠬᠦᠮ ᠪᠣᠯᠭᠠᠬᠤ ᠶᠠᠪᠤᠳᠠᠯ ᠢ ᠵᠥᠪᠳᠡᠯᠴᠡᠪᠡ᠃ | | | | ︽ᠲᠦᠮᠡᠨ ᠭᠠᠵᠠᠷ ᠤᠨ ᠴᠠᠢ ᠶᠢᠨ ᠵᠠᠮ︾ ᠨᠢ ᠨᠢᠭᠡᠨᠲᠡ ᠳᠤᠮᠳᠠᠳᠤ ᠤᠯᠤᠰ ᠤᠨ ᠵᠢᠭᠤᠯᠴᠢᠯᠠᠯ ᠤᠨ | ᠲᠣᠪᠴᠢᠶᠠᠨ ᠤ ︽ᠳᠤᠮᠳᠠᠳᠤ ᠤᠯᠤᠰ ᠤᠨ ᠣᠯᠠᠨ ᠤᠯᠤᠰ ᠤᠨ ᠵᠢᠭᠤᠯᠴᠢᠯᠠᠯ ᠤᠨ ᠠᠷᠪᠠᠨ ᠶᠡᠭᠡ ᠨᠡᠷᠡᠲᠦ ᠲᠡᠮᠳᠡᠭᠲᠦ︾ | ᠳᠤ ᠵᠢᠭᠰᠠᠭᠠᠭᠳᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠪᠠᠷ | ᠲᠣᠯᠤᠭᠠᠶᠢᠯᠠᠭᠴᠢ ᠪᠣᠯᠭᠠᠨ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠣᠯᠠᠨ ᠤᠯᠤᠰ ᠤᠨ ᠬᠤᠳᠠ ᠨᠤᠭᠤᠳ | ᠲᠠᠢ ᠬᠤᠯᠪᠤᠭᠠᠯᠠᠨ ᠨᠡᠷᠡᠲᠦ ᠲᠡᠮᠳᠡᠭᠲᠦ ᠶᠢᠨ ᠪᠦᠲᠦᠭᠡᠨ ᠪᠠᠶᠢᠭᠤᠯᠬᠤ ᠬᠠᠮᠢᠶᠠᠷᠬᠤ ᠪᠠ ᠦᠢᠯᠡᠳᠬᠦᠨ ᠢ ᠵᠣᠬᠢᠶᠠᠨ | ᠪᠠᠶᠢᠭᠤᠯᠬᠤ ᠶᠢ ᠬᠠᠮᠲᠤᠪᠡᠷ ᠲᠦᠯᠬᠢᠨ ᠠᠬᠢᠭᠤᠯᠬᠤ ᠵᠡᠷᠭᠡ ᠠᠵᠢᠯ ᠢ ᠬᠠᠷᠢᠭᠤᠴᠠᠨ᠎ᠠ᠃ ᠡᠯ᠎ᠡ ᠲᠠᠯ᠎ᠠ ᠶᠢᠨ ᠬᠢᠨ | ᠬᠦᠴᠦ ᠪᠠᠨ ᠨᠢᠭᠡᠳᠬᠡᠨ ᠬᠠᠮᠲᠤᠷᠠᠨ ᠠᠵᠢᠯᠯᠠᠵᠤ᠂ ︽ᠲᠦᠮᠡᠨ ᠭᠠᠵᠠᠷ ᠤᠨ ᠴᠠᠢ ᠶᠢᠨ ᠵᠠᠮ︾ ᠢ ᠠᠯᠢ ᠴᠢᠳᠠᠬᠤ ᠪᠠᠷ | ᠡᠷᠲᠡᠬᠡᠨ ᠳᠡᠯᠡᠬᠡᠶ ᠶᠢᠨ ᠵᠠᠬ᠎ᠠ ᠳᠡᠯᠭᠡᠭᠦᠷ ᠲᠤ ᠭᠠᠷᠭᠠᠨ᠎ᠠ ᠭᠡᠵᠦ ᠢᠯᠡᠳᠬᠡᠪᠡ᠃ | | | | ᠬᠤᠷᠠᠯ ᠳᠤ ᠣᠷᠣᠯᠴᠠᠭᠰᠠᠨ ᠡᠯ᠎ᠡ ᠲᠠᠯ᠎ᠠ ᠶᠢᠨ ᠬᠢᠨ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ | ᠬᠤᠭᠤᠷᠣᠨᠳᠣᠬᠢ ᠵᠢᠭᠤᠯᠴᠢᠯᠠᠯ ᠤᠨ ᠬᠠᠮᠲᠤᠷᠠᠯᠴᠠᠭ᠎ᠠ ᠶᠢ ᠲᠦᠯᠬᠢᠨ ᠠᠬᠢᠭᠤᠯᠬᠤ ᠶᠢ ᠳᠡᠭᠡᠳᠦ ᠬᠡᠮᠵᠢᠶ᠎ᠡ ᠪᠠᠷ ᠦᠨᠡᠯᠡᠨ᠂ | ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠵᠢᠭᠤᠯᠴᠢᠯᠠᠯ ᠤᠨ ᠦᠢᠯᠡᠰ ᠤᠨ ᠥᠷᠨᠢᠨ ᠬᠥᠭᠵᠢᠬᠦ ᠨᠢ | ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠤᠨ᠎ᠠ ᠭᠡᠵᠦ ᠰᠠᠨᠠᠯ ᠨᠢᠭᠡᠲᠡᠶ ᠦᠵᠡᠪᠡ | ᠃ ᠡᠯ᠎ᠡ ᠲᠠᠯ᠎ᠠ ᠶᠢᠨ ᠬᠢᠨ ᠨᠡᠪᠲᠡᠷᠡᠯᠴᠡᠭᠡ ᠪᠠᠨ ᠴᠢᠩᠭᠠᠳᠬᠠᠵᠦ᠂ ᠳᠤᠮᠳᠠᠳᠤ ᠤᠷᠤᠰ ᠮᠣᠩᠭᠤᠯ ᠭᠤᠷᠪᠠᠨ ᠤᠯᠤᠰ ᠤᠨ | ᠵᠢᠭᠤᠯᠴᠢᠯᠠᠯ ᠤᠨ ᠬᠠᠮᠲᠤᠷᠠᠯᠴᠠᠭᠠᠨ ᠤ ᠲᠠᠰᠤᠷᠠᠯᠳᠠ ᠦᠭᠡᠢ ᠭᠦᠨᠵᠡᠭᠡᠶᠢᠷᠡᠬᠦ ᠶᠢ ᠬᠠᠮᠲᠤᠪᠡᠷ ᠲᠦᠯᠬᠢᠨ ᠠᠬᠢᠭᠤᠯᠬᠤ ᠶᠢ | ᠵᠦᠪᠰᠢᠶᠡᠷᠡᠪᠡ᠃ | | | | ᠡᠯ᠎ᠡ ᠲᠠᠯ᠎ᠠ ᠶᠢᠨ ᠬᠢᠨ ᠲᠤᠬᠠᠢ ᠶᠢᠨ ᠭᠠᠵᠠᠷ ᠤᠨ ᠡᠬᠢ ᠪᠠᠶᠠᠯᠢᠭ ᠲᠠᠭᠠᠨ ᠰᠠᠭᠤᠷᠢᠯᠠᠨ᠂ ᠬᠢᠯᠢ ᠠᠯᠤᠰᠯᠠᠭᠰᠠᠨ | ᠵᠢᠭᠤᠯᠴᠢᠯᠠᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠂ ᠤᠳᠤ ᠶᠢᠨ ᠪᠠᠶᠢᠭ᠎ᠠ ᠦᠢᠯᠡᠳᠬᠦᠨ ᠤ ᠵᠦᠢᠯᠡᠰ ᠢ ᠪᠠᠶᠠᠯᠢᠭᠵᠢᠭᠤᠯᠵᠤ᠂ ᠥᠪᠡᠷᠮᠢᠴᠡ ᠣᠨᠴᠠᠯᠢᠭ | ᠪᠥᠬᠦᠢ ᠵᠢᠭᠤᠯᠴᠢᠯᠠᠯ ᠤᠨ ᠦᠢᠯᠡᠳᠬᠦᠨ ᠢ ᠢᠳᠡᠪᠬᠢᠲᠡᠶ ᠨᠡᠬᠡᠬᠡᠨ ᠬᠦᠭᠵᠢᠭᠦᠯᠵᠦ᠂ ᠦᠢᠯᠡᠳᠬᠦᠨ ᠢᠶᠠᠨ ᠬᠠᠷᠢᠯᠴᠠᠨ | ᠨᠦᠬᠦᠪᠦᠷᠢᠯᠡᠬᠦ ᠶᠢ ᠪᠡᠶᠡᠯᠡᠭᠦᠯᠦᠨ᠂ ᠭᠠᠵᠠᠷ ᠣᠷᠣᠨ ᠠᠯᠤᠰᠯᠠᠭᠰᠠᠨ ᠵᠢᠭᠤᠯᠴᠢᠯᠠᠯ ᠤᠨ ᠲᠠᠲᠠᠬᠤ ᠬᠦᠴᠦᠨ ᠢ | ᠳᠡᠭᠡᠭᠰᠢᠯᠡᠭᠦᠯᠵᠦ᠂ ᠬᠢᠯᠢ ᠠᠯᠤᠰᠯᠠᠭᠰᠠᠨ ᠵᠢᠭᠤᠯᠴᠢᠯᠠᠯ ᠤᠨ ᠵᠣᠷᠢᠭᠰᠠᠨ ᠭᠠᠵᠠᠷ ᠢ ᠬᠠᠮᠲᠤᠪᠠᠷ ᠪᠦᠳᠦᠭᠡᠨ ᠪᠠᠶᠢᠭᠤᠯᠬᠤ | ᠳᠤᠷᠠᠲᠠᠢ ᠪᠠᠶᠢᠨ᠎ᠠ ᠭᠡᠪᠡ᠃ | | | | ᠡᠨᠡ ᠤᠳᠠᠭᠠᠨ ᠤ ᠬᠤᠷᠠᠯ ᠢ ᠬᠤᠷᠠᠯᠳᠤᠭᠤᠯᠤᠭᠰᠠᠨ ᠨᠢ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ | ᠲᠠᠪᠤᠨ ᠭᠠᠵᠠᠷ ᠣᠷᠤᠨ ᠵᠢᠭᠤᠯᠴᠢᠯᠠᠯ ᠤᠨ ᠵᠠᠮ ᠱᠤᠭᠤᠮ ᠢ ᠬᠠᠮᠲᠤᠷᠠᠨ ᠨᠡᠭᠡᠭᠡᠨ ᠠᠰᠢᠭᠯᠠᠬᠤ ᠪᠠ ᠬᠢᠯᠢ | ᠠᠯᠤᠰᠯᠠᠭᠰᠠᠨ ᠵᠢᠭᠤᠯᠴᠢᠯᠠᠯ ᠤᠨ ᠨᠡᠷᠡᠲᠦ ᠲᠡᠮᠳᠡᠭᠲᠦ ᠶᠢ ᠪᠠᠶᠢᠭᠤᠯᠬᠤ ᠵᠡᠷᠭᠡ ᠲᠠᠯ᠎ᠠ ᠪᠠᠷ ᠣᠷᠣᠨ ᠪᠠᠶᠢᠷᠢ ᠶᠢᠨ | ᠳᠠᠪᠠᠭᠤᠯᠢᠭ ᠢ ᠨᠡᠩ ᠳᠣᠪᠤᠶᠢᠯᠭᠠᠵᠤ᠂ ᠭᠤᠷᠪᠠᠨ ᠤᠯᠤᠰ ᠤᠨ ᠲᠠᠪᠤᠨ ᠭᠠᠵᠠᠷ ᠣᠷᠤᠨ ᠤ ᠵᠢᠭᠤᠯᠴᠢᠯᠠᠯ᠂ ᠠᠵᠤ | ᠠᠬᠤᠶ᠂ ᠰᠣᠶᠣᠯ ᠵᠡᠷᠭᠡ ᠬᠦᠷᠢᠶ᠎ᠡ ᠶᠢᠨ ᠰᠣᠯᠢᠯᠴᠠᠭ᠎ᠠ ᠬᠢᠭᠡᠳ ᠬᠠᠮᠲᠤᠷᠠᠯᠴᠠᠭ᠎ᠠ ᠶᠢ ᠲᠦᠯᠬᠢᠨ ᠠᠬᠢᠭᠤᠯᠬᠤ ᠳᠤ | ᠠᠰᠢᠭᠲᠠᠢ ᠪᠣᠯᠵᠤ᠂ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠰᠣᠯᠢᠯᠴᠠᠭᠠᠨ ᠳᠤ ᠨᠡᠩ ᠰᠠᠶᠢᠨ ᠴᠣᠩᠬᠤ | ᠪᠠ ᠲᠠᠪᠴᠠᠩ ᠢ ᠬᠠᠩᠭᠠᠵᠤ ᠣᠯᠭᠤᠭᠰᠠᠨ ᠪᠠᠶᠢᠨ᠎ᠠ᠃ | |