4 ᠳ᠋ᠤᠭᠡᠷ ᠰᠠᠷ᠎ᠠ ᠶᠢᠨ 1 ᠤ ᠡᠳᠦᠷ᠂ 2016 ᠤᠨ ᠳᠤᠮᠳᠠᠲᠤ ᠮᠣᠩᠭᠤᠯ ᠤᠨ ᠷᠠᠰᠢᠶᠠᠨ — ᠰᠦᠮᠪᠤᠢ | ᠪᠤᠭᠤᠮᠲᠠ ᠵᠢᠩᠬᠢᠨᠢ ᠨᠡᠭᠡᠭᠡᠭᠳᠡᠪᠡ᠃ | ᠣᠶᠢᠯᠠᠭᠠᠭᠰᠠᠨ ᠢᠶᠠᠷ᠂ ᠡᠨᠡ ᠵᠢᠯ ᠷᠠᠰᠢᠶᠠᠨ — ᠰᠦᠮᠪᠤᠢ ᠪᠣᠭᠤᠮᠲᠠ ᠶᠢᠨ ᠨᠡᠭᠡᠭᠡᠯᠲᠡ ᠶᠢᠨ ᠬᠤᠭᠤᠴᠠᠭ᠎ᠠ | ᠨᠢ ᠥᠩᠭᠡᠷᠡᠭᠰᠡᠨ ᠵᠢᠯ ᠤᠨ ᠬᠢ ᠠᠴᠠ 4 ᠰᠠᠷ᠎ᠠ ᠤᠷᠲᠤᠳᠬᠠᠭᠰᠠᠨ ᠪᠠᠶᠢᠨ᠎ᠠ᠃ ᠡᠭᠦᠨ ᠠᠴᠠ ᠡᠮᠦᠨ᠎ᠡ᠂ ︽ᠨᠢᠭᠡ | ᠪᠣᠭᠤᠮᠲᠠ ᠶᠢᠨ ᠬᠤᠶᠠᠷ ᠪᠠᠶᠢᠴᠠᠭᠠᠯᠲᠠ︾ ᠪᠠ ᠮᠣᠩᠭᠤᠯ ᠤᠯᠤᠰ ᠤᠨ ᠲᠠᠯ᠎ᠠ ᠶᠢᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠨᠢᠭᠲᠠ ᠨᠡᠪᠲᠡᠷᠡᠯᠴᠡᠭᠰᠡᠨ ᠰᠠᠭᠤᠷᠢᠨ ᠳᠡᠭᠡᠷ᠎ᠡ᠂ ᠷᠠᠰᠢᠶᠠᠨ ᠬᠤᠲᠠ ᠶᠢᠨ ᠪᠣᠭᠤᠮᠲᠠ ᠶᠢᠨ ᠠᠯᠪᠠᠨ ᠭᠡᠷ | ᠪᠡᠯᠡᠳᠬᠡᠯ ᠠᠵᠢᠯ ᠢ ᠭᠦᠢᠴᠡᠳ ᠮᠦᠷᠲᠡᠭᠡᠨ ᠰᠠᠶᠢᠲᠤᠷ ᠬᠢᠪᠡ᠃ | ᠷᠠᠰᠢᠶᠠᠨ ᠪᠣᠭᠤᠮᠲᠠ ᠪᠣᠯ ᠳᠤᠮᠳᠠᠳᠤ ᠤᠯᠤᠰ ᠤᠨ ᠮᠣᠩᠭᠤᠯ ᠤᠯᠤᠰ ᠲᠡᠰᠢ ᠨᠡᠭᠡᠭᠡᠭᠰᠡᠨ ᠳᠡᠯᠡᠬᠡᠶ ᠶᠢᠨ | ᠴᠢᠨᠠᠷᠲᠠᠶ 5 ᠪᠤᠭᠤᠮᠲᠠ ᠶᠢᠨ ᠨᠢᠭᠡ ᠨᠢ ᠪᠣᠯᠤᠨ᠎ᠠ᠃ 2015 ᠣᠨ ᠤ ᠪᠦᠬᠦ ᠵᠢᠯ ᠤᠨ ᠬᠢᠯᠢ ᠪᠠᠷ ᠣᠷᠣᠵᠤ | ᠭᠠᠷᠤᠭᠰᠠᠨ ᠬᠡᠮᠵᠢᠶ᠎ᠡ ᠨᠢ ᠨᠡᠶᠢᠲᠡ 1896 ᠬᠥᠮᠦᠨ ᠤᠳᠠᠭ᠎ᠠ ᠳᠤ ᠬᠦᠷᠴᠦ᠂ ᠲᠡᠷᠭᠡ ᠬᠥᠰᠬᠡ ᠨᠢ 550 ᠰᠠᠭᠤᠷᠢ | ︵ᠤᠳᠠᠭ᠎ᠠ︶᠂ ᠡᠳ᠋ ᠪᠠᠷᠠᠭ᠎ᠠ ᠨᠢ 125 ᠲᠣᠨ ᠳᠤ ᠬᠦᠷᠪᠡ᠃ ᠨᠡᠶᠢᠲᠡ 0.4 ᠳ᠋ᠦᠡᠭᠰᠢᠭᠤᠷ ᠲᠥᠭᠦᠷᠢᠭ ᠤᠨ | ᠪᠡᠯᠡ ᠮᠥᠩᠭᠦ ᠣᠷᠣᠭᠤᠯᠵᠤ᠂ ︽ᠲᠦᠷᠪᠡ ᠶᠢ ᠨᠢᠭᠡ ᠴᠤᠬᠴᠠᠵᠢᠭᠤᠯᠬᠤ︾ ᠪᠣᠭᠤᠮᠲᠠ ᠶᠢᠨ ᠪᠥᠳᠤᠬᠡᠨ | ᠪᠠᠶᠢᠭᠤᠯᠤᠯᠲᠠ ᠶᠢ ᠴᠢᠩᠭᠠᠳᠬᠠᠵᠤ᠂ ᠭᠠᠳᠠᠭᠠᠳᠤ ᠠᠴᠠ ᠠᠮᠤ ᠪᠤᠳᠠᠭ᠎ᠠ ᠣᠷᠣᠭᠤᠯᠬᠤ ᠲᠤᠰᠬᠠᠶ ᠪᠣᠭᠤᠮᠲᠠ ᠪᠠ | ᠪᠣᠭᠤᠮᠲᠠ ᠶᠢᠨ ᠭᠤᠣᠯ ᠪᠤᠯᠬᠤ ᠴᠢᠳᠠᠪᠤᠷᠢ ᠶᠢᠨ ᠪᠠᠶᠢᠭᠤᠯᠤᠯᠲᠠ ᠨᠢ ᠤᠯᠤᠰ ᠤᠨ ᠰᠢᠯᠭᠠᠨ ᠪᠠᠶᠢᠴᠠᠭᠠᠯᠲᠠ ᠪᠠᠷ | ᠤᠷᠤᠭᠰᠢᠲᠠᠶ ᠵᠦᠪᠰᠢᠶᠡᠷᠡᠭᠳᠡᠪᠡ᠃ ᠮᠣᠩᠭᠤᠯ ᠤᠯᠤᠰ ᠲᠡᠰᠢ ᠨᠡᠪᠲᠡᠷᠡᠬᠦ ᠵᠠᠮ ᠤᠨ ᠪᠥᠳᠥᠭᠡᠨ ᠪᠠᠶᠢᠭᠤᠯᠤᠯᠲᠠ | ᠪᠣᠳᠠᠲᠤ ᠴᠢᠨᠠᠷᠲᠠᠢ ᠠᠬᠢᠴᠠ ᠲᠠᠢ ᠪᠤᠯᠵᠤ᠂ ᠲᠦᠷ ᠴᠠᠭ ᠤᠨ ᠵᠢᠭᠤᠯᠴᠢᠯᠠᠯ ᠤᠨ ᠨᠢᠰᠬᠡᠯ ᠨᠡᠪᠲᠡᠷᠡᠵᠤ᠂ ᠨᠡᠶᠢᠲᠡ 9 | ᠡᠭᠡᠯᠵᠢ ᠶᠢᠨ ᠨᠢᠰᠬᠡᠯ ᠲᠠᠢ ᠪᠤᠯᠵᠤ᠂ 413 ᠠᠶᠠᠨᠴᠢᠳ ᠢ ᠵᠦᠭᠡᠭᠡᠪᠦᠷᠢᠯᠡᠵᠤ ᠳᠡᠶᠢᠯᠦᠨ᠎ᠡ᠃ | 2016 ᠣᠨ ᠳᠤ᠂ ᠪᠣᠭᠤᠮᠲᠠ ᠶᠢᠨ ᠵᠠᠰᠠᠮᠠᠯ ᠵᠠᠮ ᠤᠨ ᠲᠠᠯ᠎ᠠ ᠪᠠᠷ᠂ 0.4 ᠳ᠋ᠦᠡᠭᠰᠢᠭᠤᠷ ᠲᠥᠭᠦᠷᠢᠭ ᠤᠨ | ᠪᠡᠯᠡ ᠤᠷᠤᠭᠤᠯᠵᠤ᠂ ᠪᠣᠭᠤᠮᠲᠠ ᠶᠢᠨ ᠵᠠᠰᠠᠮᠠᠯ ᠵᠠᠮ ᠢᠶᠠᠷ ᠳᠠᠮᠵᠢᠨ ᠬᠢᠯᠢ ᠪᠠᠷ ᠤᠷᠤᠬᠤ ᠪᠠᠷᠠᠭ᠎ᠠ ᠶᠢ ᠬᠢᠨᠠᠨ | ᠬᠠᠮᠢᠶᠠᠷᠬᠤ ᠣᠷᠣᠨ᠂ ᠪᠠᠷᠠᠭᠠᠨ ᠤ ᠵᠠᠮ᠂ ᠴᠠᠭᠳᠠᠨ ᠪᠠᠶᠢᠴᠠᠭᠠᠬᠤ ᠵᠠᠮ᠂ ᠥᠪᠥᠷ ᠮᠣᠩᠭᠤᠯ ᠤᠨ ᠵᠡᠭᠦᠨ ᠣᠷᠣᠨ ᠤ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠰᠢᠯᠭᠠᠨ ᠬᠡᠮᠵᠢᠬᠦ ᠲᠥᠪ᠂ ᠬᠠᠮᠲᠤᠷᠠᠨ ᠰᠢᠯᠭᠠᠨ | ᠪᠠᠶᠢᠴᠠᠭᠠᠬᠤ ᠬᠠᠭᠠᠯᠭ᠎ᠠ ᠵᠢᠴᠢ ᠲᠥᠬᠦᠷᠴᠢᠯᠡᠭᠰᠡᠨ ᠪᠡᠯᠡᠳᠭᠡᠮᠵᠢ ᠵᠡᠷᠭᠡ ᠢᠨᠵᠧᠨᠧᠷᠢᠩ ᠢ ᠪᠡᠶᠡᠯᠡᠭᠦᠯᠬᠦ ᠪᠠᠷ | ᠲᠦᠯᠦᠪᠯᠡᠵᠤ ᠪᠠᠶᠢᠨ᠎ᠠ᠃ ᠦᠪᠡᠷᠲᠡᠭᠡᠨ ᠵᠠᠰᠠᠬᠤ ᠤᠷᠤᠨ᠂ ᠠᠶᠢᠮᠠᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ | ᠬᠠᠮᠵᠢᠨ ︽ᠬᠤᠶᠠᠷ ᠠᠭᠤᠯᠠ ᠶᠢᠨ ᠵᠠᠰᠠᠮᠠᠯ ᠵᠠᠮ︾ ᠤᠨ ᠲᠦᠷᠦᠬᠦᠴᠢ ᠶᠢᠨ ᠬᠤᠭᠤᠴᠠᠭᠠᠨ ᠤ ᠠᠵᠢᠯ ᠢ ᠪᠡᠶᠡᠯᠡᠬᠦᠯᠬᠦ | ᠪᠤᠯᠤᠨ᠎ᠠ︔ ᠪᠤᠭᠤᠮᠲᠠ ᠶᠢᠨ ᠠᠭᠠᠷ ᠤᠨ ᠠᠶᠠᠯᠠᠯ ᠤᠨ ᠲᠠᠯ᠎ᠠ ᠪᠠᠷ᠂ 2.6 ᠳ᠋ᠦᠡᠭᠰᠢᠭᠤᠷ ᠲᠥᠭᠦᠷᠢᠭ ᠤᠨ ᠪᠡᠯᠡ | ᠤᠷᠤᠭᠤᠯᠤᠨ ᠤᠯᠤᠰ ᠤᠨ ᠬᠤᠭᠤᠷᠤᠨᠳᠤᠬᠢ ᠠᠭᠠᠷ ᠤᠨ ᠠᠶᠠᠯᠠᠯ ᠤᠨ ᠪᠠᠭᠤᠳᠠᠯ ᠤᠨ ᠠᠰᠠᠷ ᠪᠤᠯᠤᠨ ᠨᠢᠰᠬᠡᠯ ᠤᠨ | ᠵᠤᠭᠰᠤᠭᠠᠯ ᠢ ᠦᠭᠡᠷᠡᠴᠢᠯᠡᠨ ᠥᠷᠭᠡᠳᠬᠡᠬᠦ ᠪᠠᠷᠢᠯᠭ᠎ᠠ ᠶᠢᠨ ᠠᠵᠢᠯ ᠢ ᠡᠬᠢᠯᠡᠭᠦᠯᠦᠨ ᠪᠠᠶᠢᠭᠤᠯᠬᠤ ᠪᠠᠷ ᠲᠦᠯᠦᠪᠯᠡᠵᠤ᠂ | ᠷᠠᠰᠢᠶᠠᠨ — ᠤᠯᠠᠭᠠᠨᠪᠠᠭᠠᠲᠤᠷ ᠬᠦᠷᠬᠦ ᠤᠯᠤᠰ ᠤᠨ ᠬᠤᠭᠤᠷᠣᠨᠳᠣᠬᠢ ᠠᠭᠠᠷ ᠤᠨ ᠠᠶᠠᠯᠠᠯ ᠤᠨ ᠱᠤᠭᠤᠮ ᠤᠨ | ᠨᠡᠭᠡᠭᠡᠬᠦ ᠴᠠᠭ ᠢ ᠤᠷᠲᠤᠳᠬᠠᠬᠤ ᠪᠠᠷ ᠪᠠᠶᠢᠨ᠎ᠠ᠂ ᠡᠭᠦᠨ ᠤ ᠰᠠᠭᠤᠷᠢᠨ ᠳᠡᠭᠡᠷ᠎ᠡ᠂ ᠤᠯᠤᠰ ᠤᠨ ᠬᠤᠭᠤᠷᠣᠨᠳᠣᠬᠢ | ᠠᠭᠠᠷ ᠤᠨ ᠠᠶᠠᠯᠠᠯ ᠤᠨ ᠱᠤᠭᠤᠮ ᠢ ᠰᠢᠨ᠎ᠡ ᠪᠠᠷ ᠨᠡᠮᠡᠬᠦ ᠪᠠᠷ ᠴᠢᠷᠮᠠᠶᠢᠵᠤ ᠪᠠᠶᠢᠨ᠎ᠠ︔ ᠤᠰᠤᠨ ᠲᠡᠭᠡᠭᠡᠪᠦᠷᠢ ᠶᠢᠨ | ᠪᠣᠭᠤᠮᠲᠠ ᠶᠢᠨ ᠲᠠᠯ᠎ᠠ ᠪᠠᠷ᠂ ᠵᠠᠭᠠᠭ ᠭᠤᠣᠯ ᠤᠨ ᠬᠠᠶᠢᠨ ᠬᠡᠮᠵᠢᠯᠲᠡ ᠶᠢ ᠪᠡᠶᠡᠯᠡᠭᠦᠯᠵᠤ᠂ ᠤᠰᠤᠨ ᠲᠡᠭᠡᠭᠡᠪᠦᠷᠢ ᠶᠢᠨ | ᠪᠣᠭᠤᠮᠲᠠ ᠡᠷᠲᠡᠬᠡᠨ ᠨᠡᠭᠡᠭᠡᠭᠳᠡᠬᠦ ᠶᠢ ᠠᠬᠢᠭᠤᠯᠤᠨ᠎ᠠ︔ ᠲᠡᠮᠦᠷ ᠵᠠᠮ ᠤᠨ ᠪᠣᠭᠤᠮᠲᠠ ᠶᠢᠨ ᠲᠠᠯ᠎ᠠ ᠪᠠᠷ᠂ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠳᠠᠭᠠᠭᠠᠵᠤ᠂ ᠪᠣᠭᠤᠮᠲᠠ ᠶᠢᠨ ᠲᠡᠮᠦᠷ ᠵᠠᠮ ᠢ ᠪᠦᠲᠦᠭᠡᠨ | ᠪᠠᠶᠢᠭᠤᠯᠬᠤ ᠶᠢᠨ ᠲᠥᠯᠥᠭᠡ ᠰᠠᠶᠢᠲᠤᠷ ᠪᠡᠯᠡᠳᠬᠡᠯ ᠬᠢᠵᠤ᠂ ᠥᠪᠡᠷᠲᠡᠭᠡᠨ ᠵᠠᠰᠠᠬᠤ ᠣᠷᠣᠨ ᠵᠢᠴᠢ ᠭᠢᠷᠢᠨ ᠮᠤᠵᠢ ᠶᠢᠨ | ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ᠂ ︽ᠬᠤᠶᠠᠷ ᠠᠭᠤᠯᠠ︾ ᠶᠢᠨ ᠲᠡᠮᠦᠷ ᠵᠠᠮ ᠤᠨ | ᠪᠦᠳᠦᠬᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠪᠤᠯᠤᠨ᠎ᠠ᠃ |