2016 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠰᠤᠷᠤᠭᠴᠢ᠂ ᠳᠡᠭᠡᠳᠦ ᠬᠢᠷᠢ ᠲᠦᠪᠰᠢᠨ ᠪᠦᠬᠦᠢ ᠲᠠᠮᠢᠷᠴᠢᠨ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠮᠠᠩᠯᠠᠶᠢᠴᠤᠳ ᠡᠯᠰᠡᠬᠦ ᠲᠠᠮᠢᠷ ᠤᠨ  ᠲᠤᠷᠰᠢᠬᠤ ᠰᠢᠯᠭᠠᠯᠲᠠ ᠶᠢᠨ ᠠᠵᠢᠯ ᠪᠣᠯᠣᠨ ᠲᠠᠮᠢᠷ ᠤᠨ ᠬᠥᠳᠡᠯᠭᠡᠭᠡᠨ ᠤ ᠪᠣᠯᠪᠠᠰᠤᠷᠠᠯ᠂ ᠵᠡᠪᠰᠡᠭ ᠤᠨ ᠡᠷᠳᠡᠮ ᠬᠢᠭᠡᠳ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠰᠤᠷᠤᠭᠴᠢ ᠡᠯᠰᠡᠬᠦ ᠰᠤᠶᠤᠯ ᠤᠨ ᠰᠢᠯᠭᠠᠯᠲᠠ ᠶᠢᠨ ᠰᠢᠯᠭᠠᠬᠤ ᠶᠠᠪᠤᠳᠠᠯ ᠤᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2016/4/6
ᠡᠯ᠎ᠡ ᠠᠶᠢᠮᠠᠭ ᠬᠤᠳᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ᠂ ᠬᠠᠮᠢᠶ᠎ᠡ ᠪᠦᠬᠦᠢ ᠰᠢᠯᠭᠠᠯᠲᠠ ᠬᠢᠬᠦ ᠨᠢᠭᠡᠴᠡ ᠳᠤ᠄     2016 ᠣᠨ ᠳᠤ ᠮᠠᠨ ᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠰᠤᠷᠤᠭᠴᠢ᠂ ᠳᠡᠭᠡᠳᠦ ᠬᠢᠷᠢ ᠲᠦᠪᠰᠢᠨ ᠪᠦᠬᠦᠢ ᠲᠠᠮᠢᠷᠴᠢᠨ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠮᠠᠩᠯᠠᠶᠢᠴᠤᠳ ᠢ ᠡᠯᠰᠡᠬᠦ ᠲᠠᠮᠢᠷ ᠤᠨ ᠲᠤᠷᠰᠢᠬᠤ ᠰᠢᠯᠭᠠᠯᠲᠠ ︵ᠳᠣᠷᠣᠭᠰᠢ ᠪᠡᠶ᠎ᠡ ᠶᠢᠨ ᠲᠠᠮᠢᠷ ᠤᠨ ᠲᠤᠷᠰᠢᠬᠤ ᠰᠢᠯᠭᠠᠯᠲᠠ ᠭᠡᠵᠦ ᠲᠣᠪᠴᠢᠯᠠᠨ᠎ᠠ︶ ᠪᠣᠯᠣᠨ ᠲᠠᠮᠢᠷ ᠤᠨ ᠬᠥᠳᠡᠯᠭᠡᠭᠡᠨ ᠤ ᠪᠣᠯᠪᠠᠰᠤᠷᠠᠯ᠂ ᠵᠡᠪᠰᠡᠭ ᠤᠨ ᠡᠷᠳᠡᠮ ᠬᠢᠭᠡᠳ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠰᠤᠷᠤᠭᠴᠢ ᠡᠯᠰᠡᠬᠦ ︵ᠳᠣᠷᠣᠭᠰᠢ ︽ᠪᠡᠶ᠎ᠡ ᠶᠢᠨ ᠲᠠᠮᠢᠷ ᠤᠨ ᠠᠰ ᠲᠤᠨᠢ ᠡᠯᠰᠡᠬᠦ ᠰᠢᠯᠭᠠᠯᠲᠠ︾ ᠭᠡᠵᠦ ᠲᠣᠪᠴᠢᠯᠠᠨ᠎ᠠ︶ ᠰᠣᠶᠣᠯ ᠤᠨ ᠰᠢᠯᠭᠠᠯᠲᠠ ᠶᠢᠨ ᠰᠢᠯᠭᠠᠬᠤ ᠶᠠᠪᠤᠳᠠᠯ ᠤᠨ ᠠᠵᠢᠯ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠪᠡᠶ᠎ᠡ ᠶᠢᠨ ᠲᠠᠮᠢᠷ ᠤᠨ ᠲᠤᠷᠰᠢᠬᠤ ᠰᠢᠯᠭᠠᠯᠲᠠ ᠶᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠨᠠᠶᠢᠳᠠᠨ ᠪᠣᠲᠠᠲᠠᠢ ᠬᠡᠷᠡᠭᠵᠢᠭᠦᠯᠵᠦ᠂ ᠪᠡᠶ᠎ᠡ ᠶᠢᠨ ᠲᠠᠮᠢᠷ ᠤᠨ ᠠᠰ ᠲᠤᠨᠢ ᠡᠯᠰᠡᠬᠦ ᠰᠣᠶᠣᠯ ᠤᠨ ᠰᠢᠯᠭᠠᠯᠲᠠ ᠶᠢ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠪᠣᠯᠣᠨ ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠲᠤᠰ ᠲᠤᠰ ᠬᠡᠷᠡᠭᠵᠢᠭᠦᠯᠦᠨ᠎ᠡ᠃      ᠪᠡᠶ᠎ᠡ ᠶᠢᠨ ᠲᠠᠮᠢᠷ ᠤᠨ ᠲᠤᠷᠰᠢᠬᠤ ᠰᠢᠯᠭᠠᠯᠲᠠ ᠪᠣᠯᠣᠨ ᠪᠡᠶ᠎ᠡ ᠶᠢᠨ ᠲᠠᠮᠢᠷ ᠤᠨ ᠠᠰ ᠲᠤᠨᠢ ᠡᠯᠰᠡᠬᠦ ᠰᠤᠶᠤᠯ ᠤᠨ ᠰᠢᠯᠭᠠᠯᠲᠠ ᠶᠢᠨ ᠰᠢᠯᠭᠠᠬᠤ ᠶᠠᠪᠤᠳᠠᠯ ᠢ ᠰᠠᠶᠢᠲᠤᠷ ᠬᠢᠵᠦ᠂ ᠰᠢᠯᠭᠠᠯᠲᠠ ᠶᠢᠨ ᠡᠷᠬᠡ ᠲᠡᠭᠰᠢ᠂ ᠲᠥᠪ ᠭᠤᠣᠯᠴᠢ᠂ ᠠᠮᠤᠷ ᠲᠦᠪᠰᠢᠨ᠂ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠢ ᠵᠦᠢᠯ ᠤᠨ ᠲᠣᠬᠠᠢ ᠳᠣᠣᠷᠠᠬᠢ ᠮᠡᠲᠦ ᠱᠠᠭᠠᠷᠳᠠᠯᠭ᠎ᠠ ᠳᠤᠷᠠᠳᠪᠠ᠄      ᠨᠢᠭᠡ᠂ ᠤᠳᠤᠷᠢᠳᠤᠯᠭ᠎ᠠ ᠪᠠᠨ ᠴᠢᠩᠭᠠᠳᠬᠠᠵᠤ᠂ ᠲᠠᠨᠢᠯᠲᠠ ᠪᠠᠨ ᠳᠡᠭᠡᠭᠰᠢᠯᠡᠭᠦᠯᠦᠨ᠂ ᠬᠠᠷᠢᠭᠤᠴᠠᠯᠭ᠎ᠠ ᠪᠠᠨ ᠲᠣᠳᠣᠷᠬᠠᠶᠢᠯᠠᠬᠤ ᠬᠡᠷᠡᠭᠲᠡᠢ      ᠪᠡᠶ᠎ᠡ ᠶᠢᠨ ᠲᠠᠮᠢᠷ ᠤᠨ ᠲᠤᠷᠰᠢᠬᠤ ᠰᠢᠯᠭᠠᠯᠲᠠ ᠪᠣᠯᠣᠨ ᠪᠡᠶ᠎ᠡ ᠶᠢᠨ ᠲᠠᠮᠢᠷ ᠤᠨ ᠠᠰ ᠲᠤᠨᠢ ᠡᠯᠰᠡᠬᠦ ᠰᠢᠯᠭᠠᠯᠲᠠ ᠪᠣᠯ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠤᠨ ᠨᠢᠭᠡ ᠬᠡᠰᠡᠭ ᠮᠥᠨ᠂ ᠡᠯ᠎ᠡ ᠰᠢᠯᠭᠠᠯᠲᠠ ᠬᠢᠬᠦ ᠨᠢᠭᠡᠴᠡ ᠨᠦᠭᠦᠳ ᠲᠤᠰ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠡᠭᠡᠳᠦ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠵᠣᠬᠢᠶᠠᠨ ᠪᠠᠶᠢᠭᠤᠯᠤᠨ ᠰᠢᠯᠭᠠᠬᠤ ᠬᠡᠷᠡᠭᠲᠡᠢ᠂ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠺᠣᠮᠢᠰ ︵ᠬᠠᠷᠢᠴᠠᠩᠭᠤᠢ ᠪᠥᠬᠦᠢ ᠠᠶᠢᠮᠠᠭ ᠬᠤᠳᠠ ᠶᠢᠨ ᠰᠤᠷᠤᠭᠴᠢ ᠡᠯᠰᠡᠬᠦ ᠰᠢᠯᠭᠠᠯᠲᠠ ᠶᠢᠨ ᠵᠥᠪᠯᠡᠯ︶ ᠪᠣᠯ ᠰᠢᠯᠭᠠᠯᠲᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ ᠵᠣᠬᠢᠶᠠᠨ ᠪᠠᠶᠢᠭᠤᠯᠤᠨ ᠰᠢᠯᠭᠠᠬᠤ᠂ ᠰᠢᠯᠭᠠᠯᠲᠠ ᠶᠢᠨ ᠠᠮᠤᠷ ᠲᠦᠪᠰᠢᠨ ᠢ ᠬᠠᠮᠠᠭᠠᠯᠠᠬᠤ᠂ ᠰᠢᠯᠭᠠᠯᠲᠠ ᠶᠢᠨ ᠰᠤᠷᠲᠠᠯ ᠰᠢᠯᠭᠠᠯᠲᠠ ᠶᠢᠨ ᠰᠠᠬᠢᠯᠭ᠎ᠠ ᠳᠦᠷᠢᠮ ᠢ ᠴᠡᠭᠴᠡᠯᠡᠬᠦ ᠬᠠᠷᠢᠭᠤᠴᠠᠯᠭ᠎ᠠ ᠶᠢᠨ ᠭᠤᠣᠯ ᠴᠣᠭᠴᠠ ᠮᠦᠨ᠂ ᠭᠤᠣᠯ ᠬᠠᠷᠢᠭᠤᠴᠠᠯᠭᠠᠲᠠᠨ ᠨᠥᠬᠦᠳ ᠪᠣᠯ ᠨᠢᠭᠡᠳᠦᠭᠡᠷ ᠬᠠᠷᠢᠭᠤᠴᠠᠯᠭᠠᠲᠠᠨ ᠮᠦᠨ᠂ ᠰᠢᠯᠭᠠᠯᠲᠠ ᠶᠢ ᠳᠠᠭᠠᠭᠠᠴᠢᠯᠠᠨ ᠡᠷᠭᠢᠯᠡᠬᠦ ᠪᠠᠶᠢᠭᠤᠯᠤᠮᠵᠢ ᠶᠢᠨ ᠬᠠᠮᠢᠶ᠎ᠡ ᠪᠦᠬᠦᠢ ᠬᠠᠷᠢᠭᠤᠴᠠᠯᠭᠠᠲᠠᠨ ᠪᠣᠯ ᠰᠢᠭᠤᠳ ᠬᠠᠷᠢᠭᠤᠴᠠᠯᠭ᠎ᠠ ᠲᠠᠢ ᠬᠥᠮᠦᠨ ᠪᠣᠯᠤᠨ᠎ᠠ᠃ ᠰᠢᠯᠭᠠᠯᠲᠠ ᠠᠴᠠ ᠡᠮᠦᠨ᠎ᠡ᠂ ᠲᠤᠰᠬᠠᠶ ᠬᠤᠷᠠᠯ ᠬᠢᠵᠦ ᠳᠠᠶᠢᠴᠢᠯᠠᠨ ᠪᠠᠶᠢᠷᠢᠯᠠᠭᠤᠯᠵᠤ᠂ ᠡᠭᠦᠷᠭᠡ ᠶᠢᠨ ᠬᠤᠪᠢᠶᠠᠷᠢᠯᠠᠯ ᠢ ᠲᠣᠳᠣᠷᠬᠠᠶᠢᠯᠠᠨ᠂ ᠰᠢᠯᠭᠠᠯᠲᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠪᠢᠴᠢᠭ ᠲᠤ ᠱᠠᠳᠤ ᠳᠠᠷᠠᠭᠠᠯᠠᠨ ᠭᠠᠷ ᠤᠨ ᠦᠰᠦᠭ ᠵᠢᠷᠤᠵᠤ᠂ ᠡᠭᠦᠷᠭᠡ ᠶᠢ ᠠᠵᠢᠯ ᠤᠨ ᠪᠠᠶᠢᠷᠢᠨ ᠳᠤ ᠬᠦᠷᠲᠡᠯ᠎ᠡ ᠪᠣᠲᠠᠲᠠᠶᠢᠵᠢᠭᠤᠯᠬᠤ᠂ ᠬᠠᠷᠢᠭᠤᠴᠠᠯᠭ᠎ᠠ ᠶᠢ ᠲᠤᠰ ᠬᠥᠮᠦᠨ ᠳᠤᠨᠢ ᠬᠦᠷᠲᠡᠯ᠎ᠡ ᠪᠣᠲᠠᠲᠠᠶᠢᠵᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃      ᠬᠤᠶᠠᠷ᠂ ᠰᠢᠯᠭᠠᠯᠲᠠ ︵ᠲᠤᠷᠰᠢᠬᠤ ᠰᠢᠯᠭᠠᠯᠲᠠ︶᠎ ᠶᠢᠨ ᠪᠦᠬᠦ ᠶᠠᠪᠤᠴᠠ ᠶᠢᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠬᠤ ᠬᠡᠷᠡᠭᠲᠡᠢ      ᠪᠡᠶ᠎ᠡ ᠶᠢᠨ ᠲᠠᠮᠢᠷ ᠤᠨ ᠲᠤᠷᠰᠢᠬᠤ ᠰᠢᠯᠭᠠᠯᠲᠠ ᠪᠣᠯᠣᠨ ᠰᠣᠶᠣᠯ ᠤᠨ ᠰᠢᠯᠭᠠᠯᠲᠠ ᠶᠢᠨ ᠶᠠᠪᠤᠴᠠ ᠳᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠ ᠰᠢᠯᠭᠠᠬᠤ ᠶᠢ ᠬᠢᠨᠠᠬᠤ ᠠᠵᠢᠯᠲᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠯᠭᠠᠯᠲᠠ ᠶᠢᠨ ᠰᠤᠷᠲᠠᠯ ᠰᠢᠯᠭᠠᠯᠲᠠ ᠶᠢᠨ ᠰᠠᠬᠢᠯᠭ᠎ᠠ ᠳᠦᠷᠢᠮ ᠳᠤ ᠬᠢᠨᠠᠯᠲᠠ ᠲᠠᠯᠪᠢᠬᠤ ᠪᠠᠨ ᠦᠨᠡᠨ ᠬᠦ ᠴᠢᠩᠭᠠᠳᠬᠠᠬᠤ ᠬᠡᠷᠡᠭᠲᠡᠢ︔ ᠠᠵᠢᠯ ᠤᠨ ᠬᠠᠷᠢᠭᠤᠴᠠᠯᠭ᠎ᠠ ᠶᠢᠨ ᠲᠥᠷᠢᠮ ᠪᠣᠯᠤᠨ ᠬᠠᠷᠢᠭᠤᠴᠠᠯᠭ᠎ᠠ ᠨᠡᠬᠡᠮᠵᠢᠯᠡᠬᠦ ᠲᠥᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠯᠭᠠᠯᠲᠠ ᠶᠢᠨ ᠪᠦᠬᠦ ᠠᠵᠢᠯᠲᠠᠳ ᠡᠷᠬᠡᠪᠰᠢ ︽ᠰᠢᠯᠭᠠᠯᠲᠠ ᠶᠢᠨ ᠠᠵᠢᠯᠲᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠪᠢᠴᠢᠭ︾ ︵ᠳᠠᠭᠠᠯᠳᠤᠭᠤᠯᠤᠯ 1︶᠎ ᠲᠤ ᠭᠠᠷ ᠤᠨ ᠦᠰᠦᠭ ᠵᠢᠷᠤᠬᠤ ᠬᠡᠷᠡᠭᠲᠡᠢ︔ ᠰᠢᠯᠭᠠᠭᠤᠯᠤᠭᠰᠠᠳ ᠪᠣᠯᠣᠨ ᠰᠢᠯᠭᠠᠯᠲᠠ ᠳᠤ ᠬᠤᠯᠪᠣᠭᠳᠠᠬᠤ ᠬᠥᠮᠦᠰ ᠤᠨ ᠰᠠᠬᠢᠯᠭ᠎ᠠ ᠳᠦᠷᠢᠮ ᠢ ᠵᠥᠷᠢᠴᠡᠭᠰᠡᠨ ᠲᠥᠪ ᠪᠤᠰᠤ ᠠᠵᠢᠯᠯᠠᠭ᠎ᠠ ᠶᠢ ᠲᠣᠭᠲᠠᠭᠠᠯ ᠪᠣᠯᠣᠨ ᠰᠠᠬᠢᠯᠭ᠎ᠠ ᠳᠦᠷᠢᠮ ᠶᠣᠰᠣᠭᠠᠷ ᠴᠢᠩᠭ᠎ᠠ ᠰᠢᠳᠬᠡᠬᠦ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠤᠢᠭᠡᠢ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ ᠠᠵᠢᠯᠲᠠᠨ ᠢ ᠲᠤᠬᠠᠶ ᠶᠢᠨ ᠭᠠᠵᠠᠷ ᠲᠤᠨᠢ ᠪᠠᠭᠤᠯᠭᠠᠵᠤ ᠰᠣᠯᠢᠬᠤ ᠶᠢᠨ ᠬᠠᠮᠲᠤ ᠴᠢᠩᠭ᠎ᠠ ᠰᠢᠳᠬᠡᠬᠦ ᠬᠡᠷᠡᠭᠲᠡᠶ︔ ᠰᠢᠯᠭᠠᠯᠲᠠ ᠶᠢᠨ ᠬᠠᠷᠢᠭᠤᠴᠠᠯᠭ᠎ᠠ ᠶᠢᠨ ᠠᠯᠳᠠᠰᠢ ᠭᠠᠷᠪᠠᠯ᠂ ᠪᠥᠬᠦᠨ ᠢ ᠭᠡᠳᠡᠷᠭᠦ ᠪᠠᠶᠢᠴᠠᠭᠠᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠂ ᠶᠠᠭᠠᠬᠢᠭᠰᠠᠨ ᠴᠤ ᠢᠯᠳᠠᠷ ᠬᠠᠶᠠᠵᠤ ᠪᠣᠯᠬᠤ ᠥᠭᠡᠢ᠃      ᠭᠤᠷᠪᠠ᠂ ᠪᠡᠶ᠎ᠡ ᠶᠢᠨ ᠲᠠᠮᠢᠷ ᠤᠨ ᠲᠤᠷᠰᠢᠬᠤ ᠰᠢᠯᠭᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ      1 . ᠪᠡᠶ᠎ᠡ ᠶᠢᠨ ᠲᠠᠮᠢᠷ ᠤᠨ ᠲᠤᠷᠰᠢᠬᠤ ᠰᠢᠯᠭᠠᠯᠲᠠ ᠶᠢᠨ ᠴᠠᠭ ᠨᠢ 2016 ᠣᠨ ᠤ 5 ᠳ᠋ᠤᠭᠠᠷ ᠰᠠᠷ᠎ᠠ ᠶᠢᠨ 5᠎ ᠤ ᠡᠳᠦᠷ —15᠎ ᠤ ᠡᠳᠦᠷ ᠪᠣᠯᠣᠨ᠎ᠠ᠂ ᠡᠯ᠎ᠡ ᠰᠢᠯᠭᠠᠯᠲᠠ ᠶᠢᠨ ᠴᠢᠭ᠋ ᠨᠢ ᠰᠢᠯᠭᠠᠭᠤᠯᠤᠭᠰᠠᠳ ᠤᠨ ᠲᠤᠭ᠎ᠠ᠂ ᠰᠢᠯᠭᠠᠬᠤ ᠲᠥᠷᠥᠯ ᠵᠦᠢᠯ ᠤᠨ ᠲᠠᠷᠬᠠᠯᠲᠠ ᠪᠣᠯᠣᠨ ᠴᠠᠭ ᠠᠭᠠᠷ ᠤᠨ ᠪᠠᠶᠢᠳᠠᠯ ᠢ ᠦᠨᠳᠦᠰᠦᠯᠡᠨ᠂ ᠳᠠᠭᠤᠰᠬᠠᠬᠤ ᠴᠠᠭ ᠢ ᠵᠣᠬᠢᠰᠲᠠᠶ ᠲᠣᠬᠢᠷᠠᠭᠤᠯᠵᠤ ᠪᠣᠯᠣᠨ᠎ᠠ᠃ ᠪᠡᠶ᠎ᠡ ᠶᠢᠨ ᠲᠠᠮᠢᠷ ᠤᠨ ᠲᠤᠷᠰᠢᠬᠤ ᠰᠢᠯᠭᠠᠯᠲᠠ ᠶᠢᠨ ᠠᠷᠭ᠎ᠠ᠂ ᠪᠠᠷᠢᠮᠵᠢᠶ᠎ᠠ᠂ ᠬᠢᠷᠢ ᠪᠦᠲᠦᠮᠵᠢ ᠶᠢᠨ ᠪᠣᠳᠣᠯᠲᠠ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢᠨ ᠰᠢᠢᠳᠪᠦᠷᠢᠯᠡᠯᠲᠡ ᠵᠡᠷᠭᠡ ᠬᠠᠮᠢᠶ᠎ᠡ ᠪᠦᠬᠦᠢ ᠵᠦᠢᠯ ᠢ ᠮᠥᠨ ᠬᠦ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2015 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠳᠡᠭᠡᠳᠦ ᠬᠢᠷᠢ ᠲᠦᠪᠰᠢᠨ ᠪᠦᠬᠦᠢ ᠲᠠᠮᠢᠷᠴᠢᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠮᠠᠩᠯᠠᠶᠢᠴᠤᠳ ᠢ ᠡᠯᠰᠡᠬᠦ ᠪᠡᠶ᠎ᠡ ᠶᠢᠨ ᠲᠠᠮᠢᠷ ᠤᠨ ᠲᠤᠷᠰᠢᠬᠤ ᠰᠢᠯᠭᠠᠯᠲᠠ ᠶᠢᠨ ᠬᠡᠷᠡᠭᠵᠢᠭᠦᠯᠬᠦ ᠠᠷᠭ᠎ᠠ﹀᠎ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠡᠯᠰᠡᠬᠦ ᠰᠢᠯᠭᠠᠯᠲᠠ ᠠᠯᠪᠠᠨ ᠭᠡᠷ ︵2015﹈ 26 ᠳ᠋ᠤᠭᠠᠷ ᠲᠣᠭᠠᠲᠤ︶ ᠶᠣᠰᠣᠭᠠᠷ ᠬᠡᠷᠡᠭᠵᠢᠭᠦᠯᠦᠨ᠎ᠡ᠃      2 . ᠪᠡᠶ᠎ᠡ ᠶᠢᠨ ᠲᠠᠮᠢᠷ ᠤᠨ ᠲᠤᠷᠰᠢᠬᠤ ᠰᠢᠯᠭᠠᠯᠲᠠ ᠶᠢᠨ ᠬᠤᠭᠤᠴᠠᠭᠠᠨ ᠳᠤ᠂ ᠰᠢᠯᠭᠠᠭᠤᠯᠤᠭᠰᠠᠳ ᠬᠥᠭᠡᠷᠦᠯᠲᠡ ᠶᠢᠨ ᠡᠮ ᠬᠡᠷᠡᠭᠯᠡᠵᠦ ᠪᠣᠯᠬᠤ ᠤᠢᠭᠡᠢ᠃ ᠡᠯ᠎ᠡ ᠰᠢᠯᠭᠠᠯᠲᠠ ᠶᠢᠨ ᠴᠢᠭ᠋ ᠤᠳ ᠥᠷᠭᠡᠨ ᠣᠯᠠᠨ ᠰᠢᠯᠭᠠᠭᠤᠯᠤᠭᠰᠠᠳ ᠲᠤ ᠬᠠᠨᠳᠤᠭᠤᠯᠤᠨ᠂ ᠬᠥᠭᠡᠷᠦᠯᠲᠡ ᠶᠢᠨ ᠡᠮ ᠢ ᠡᠰᠡᠷᠭᠦᠴᠡᠬᠦ ᠤᠬᠠᠭᠤᠯᠭ᠎ᠠ ᠬᠥᠮᠦᠵᠢᠯ ᠥᠷᠨᠢᠭᠦᠯᠵᠦ᠂ ᠨᠥᠬᠦᠴᠡᠯ ᠪᠣᠯᠤᠯᠴᠠᠭ᠎ᠠ ᠬᠦᠷᠦᠯᠴᠡᠬᠦ᠋ᠢᠴᠡ ᠪᠠᠶᠢᠳᠠᠯ ᠳᠣᠣᠷ᠎ᠠ ᠬᠥᠭᠡᠷᠦᠯᠲᠡ ᠶᠢᠨ ᠡᠮ ᠢ ᠪᠠᠶᠢᠴᠠᠭᠠᠨ ᠬᠡᠮᠵᠢᠬᠦ ᠰᠣᠩᠭᠤᠨ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠲᠡᠶ᠃ ᠲᠤᠷᠰᠢᠬᠤ ᠰᠢᠯᠭᠠᠯᠲᠠ ᠬᠢᠬᠦ ᠠᠴᠠ ᠡᠮᠦᠨ᠎ᠡ᠂ ᠰᠢᠯᠭᠠᠭᠤᠯᠤᠭᠰᠠᠳ ᠯᠤᠭ᠎ᠠ ︽ᠬᠥᠭᠡᠷᠦᠯᠲᠡ ᠶᠢᠨ ᠡᠮ ᠬᠡᠷᠡᠭᠯᠡᠬᠦ ᠶᠢ ᠡᠰᠡᠷᠭᠦᠴᠡᠬᠦ ᠠᠮᠠᠯᠠᠯᠲᠠ ᠶᠢᠨ ᠪᠢᠴᠢᠭ︾ ︵ᠳᠠᠭᠠᠯᠳᠤᠭᠤᠯᠤᠯ 2︶᠎ ᠲᠤ ᠭᠠᠷ ᠤᠨ ᠦᠰᠦᠭ ᠵᠢᠷᠤᠭᠤᠯᠵᠤ᠂ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠬᠤ ᠶᠢ ᠲᠠᠪᠴᠢᠭᠰᠡᠨ ᠪᠤᠶᠤ ᠬᠥᠭᠡᠷᠦᠯᠲᠡ ᠶᠢᠨ ᠡᠮ ᠢ ᠪᠠᠶᠢᠴᠠᠭᠠᠨ ᠬᠡᠮᠵᠢᠬᠦ ᠪᠠ ᠰᠤᠭᠤᠴᠢᠨ ᠪᠠᠶᠢᠴᠠᠭᠠᠬᠤ ᠶᠢ ᠬᠦᠯᠢᠶᠡᠭᠰᠡᠨ ᠦᠭᠡᠶ ᠰᠢᠯᠭᠠᠭᠤᠯᠤᠭᠰᠠᠳ ᠢ᠂ ᠰᠠᠨᠠᠭᠠᠴᠢᠯᠠᠭ᠎ᠠ ᠠᠴᠠ ᠪᠠᠨ ᠰᠢᠯᠭᠠᠭᠤᠯᠬᠤ ᠬᠢᠷᠢ ᠬᠡᠮ ᠢᠶᠠᠨ ᠲᠠᠶᠠᠭᠳᠠᠭᠰᠠᠨ ᠢᠶᠠᠷ ᠦᠵᠡᠬᠦ ᠬᠡᠷᠡᠭᠲᠡᠢ᠃      3. 2016 ᠣᠨ ᠤ ᠮᠠᠨ ᠤ ᠣᠷᠣᠨ ᠤ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠰᠤᠷᠤᠭᠴᠢᠳ ᠤᠨ ᠡᠯ᠎ᠡ ᠪᠦᠯᠦᠭ ᠤᠳᠠᠭ᠎ᠠ ᠶᠢᠨ ᠲᠤᠰᠬᠠᠶ ᠮᠡᠷᠭᠡᠵᠢᠯ ᠤᠨ ᠬᠢᠴᠢᠶᠡᠯ ᠤᠨ ᠡᠯᠰᠡᠬᠦ ᠬᠠᠮᠤᠭ ᠤᠨ ᠳᠣᠣᠷ᠎ᠠ  ᠬᠢᠵᠭᠠᠠᠷ ᠬᠤᠪᠢ ᠶᠢ ᠶᠡᠭᠡ ᠳᠡᠭᠡᠳᠦ ᠵᠡᠷᠭᠡ ᠶᠢᠨ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠭᠰᠡᠨ ᠤ ᠬᠤᠶᠢᠨ᠎ᠠ ᠲᠣᠭᠲᠠᠭᠠᠨ᠎ᠠ᠃ ᠦᠨᠳᠦᠷ ᠬᠢᠷᠢ ᠲᠦᠪᠰᠢᠨ ᠪᠦᠬᠦᠢ ᠲᠠᠮᠢᠷᠴᠢᠨ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠮᠠᠩᠯᠠᠶᠢᠴᠤᠳ ᠪᠣᠯ ᠲᠤᠷᠰᠢᠬᠤ ᠰᠢᠯᠭᠠᠯᠲᠠ ᠳᠠᠭᠤᠰᠤᠭᠰᠠᠨ ᠤ ᠲᠠᠷᠠᠭ᠎ᠠ ᠲᠤᠷᠰᠢᠬᠤ ᠰᠢᠯᠭᠠᠯᠲᠠ ᠶᠢᠨ ᠬᠢᠷᠢ ᠪᠦᠲᠦᠮᠵᠢ ᠵᠡᠷᠭᠡ ᠬᠠᠮᠢᠶ᠎ᠠ ᠪᠦᠬᠦᠢ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠬᠢᠷᠢ ᠲᠡᠩᠴᠡᠬᠦ ᠱᠤᠭᠤᠮ ᠢ ᠲᠣᠭᠲᠠᠭᠠᠵᠤ᠂ ᠰᠢᠯᠭᠠᠯᠲᠠ ᠳᠤ ᠬᠢᠷᠢ ᠲᠡᠩᠴᠡᠭᠰᠡᠨ ᠰᠢᠯᠭᠠᠭᠤᠯᠤᠭᠴᠢ ᠨᠢ ᠰᠠᠶ᠋ᠢ ᠥᠨᠳᠥᠷ ᠬᠢᠷᠢ ᠲᠥᠪᠰᠢᠨ ᠪᠦᠬᠦᠢ ᠲᠠᠮᠢᠷᠴᠢᠨ ᠪᠤᠶᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠮᠠᠩᠯᠠᠢ ᠶᠢᠨ ᠬᠢᠷᠢ ᠭᠡᠮ ᠣᠯᠵᠤ ᠪᠣᠯᠣᠨ᠎ᠠ᠃      ᠲᠦᠷᠪᠡ᠂ ᠪᠡᠶ᠎ᠡ ᠶᠢᠨ ᠲᠠᠮᠢᠷ ᠤᠨ ᠲᠤᠰᠬᠠᠢ ᠮᠡᠷᠭᠡᠵᠢᠯ ᠤᠨ ᠠᠰ ᠲᠤᠨᠢ ᠡᠯᠰᠡᠬᠦ ᠰᠣᠶᠣᠯ ᠤᠨ ᠰᠢᠯᠭᠠᠯᠲᠠ ᠶᠢ ᠰᠠᠶᠢᠲᠤᠷ ᠬᠢᠬᠦ ᠬᠡᠷᠡᠭᠲᠡᠶ      1.  ᠰᠢᠯᠭᠠᠯᠲᠠ ᠶᠢᠨ ᠬᠢᠴᠢᠶᠡᠯ ᠲᠦᠷᠦᠯ᠂ ᠴᠠᠭ ᠬᠤᠭᠤᠴᠠᠭ᠎ᠠ ᠪᠣᠯᠣᠨ ᠭᠠᠵᠠᠷ᠄      ᠪᠡᠶ᠎ᠡ ᠶᠢᠨ ᠲᠠᠮᠢᠷ ᠤᠨ ᠲᠤᠰᠬᠠᠢ ᠮᠡᠷᠭᠡᠵᠢᠯ ᠤᠨ ᠠᠰ ᠲᠤᠨᠢ ᠡᠯᠰᠡᠬᠦ ᠰᠣᠶᠣᠯ ᠤᠨ ᠰᠢᠯᠭᠠᠯᠲᠠ ᠶᠢᠨ ᠬᠢᠴᠢᠶᠡᠯ ᠲᠥᠷᠥᠯ ᠵᠢᠴᠢ ᠴᠠᠭ ᠬᠤᠭᠤᠴᠠᠭ᠎ᠠ ᠶᠢᠨ ᠲᠣᠬᠢᠷᠠᠭᠤᠯᠭ᠎ᠠ ᠨᠢ ᠳᠣᠣᠷᠠᠬᠢ ᠮᠡᠲᠦ᠄
     ᠪᠡᠶ᠎ᠡ ᠶᠢᠨ ᠲᠠᠮᠢᠷ ᠤᠨ ᠲᠤᠰᠬᠠᠢ ᠮᠡᠷᠭᠡᠵᠢᠯ ᠤᠨ ᠠᠰ ᠲᠤᠨᠢ ᠡᠯᠰᠡᠬᠦ ᠰᠣᠶᠣᠯ  ᠤᠨ ᠰᠢᠯᠭᠠᠯᠲᠠ ᠶᠢᠨ ᠲᠠᠯᠠᠪᠠᠢ ᠎ ᠶᠢᠨ ᠲᠣᠬᠢᠷᠠᠭᠤᠯᠭ᠎ᠠ ᠨᠢ ᠳᠣᠣᠷᠠᠬᠢ ᠮᠡᠲᠦ᠄ ᠬᠥᠬᠡᠬᠤᠲᠠ᠂ ᠪᠤᠭᠤᠲᠤ ᠬᠤᠳᠠ᠂ ᠤᠷᠳᠤᠰ ᠬᠤᠳᠠ᠂ ᠪᠠᠶᠠᠨᠨᠠᠭᠤᠷ ᠬᠤᠳᠠ᠂ ᠦᠬᠠᠶ ᠬᠤᠳᠠ᠂ ᠠᠯᠠᠱᠠ ᠠᠶᠢᠮᠠᠭ᠂ ᠤᠯᠠᠭᠠᠨᠴᠠᠪ ᠬᠤᠳᠠ ᠪᠣᠯᠤᠨ ᠰᠢᠯᠢ ᠶᠢᠨ ᠭᠤᠣᠯ ᠠᠶᠢᠮᠠᠭ ᠎ ᠤᠨ ᠰᠢᠯᠭᠠᠭᠤᠯᠤᠭᠰᠠᠳ ᠤᠨ ᠰᠢᠯᠭᠠᠯᠲᠠ ᠶᠢᠨ ᠲᠠᠯᠠᠪᠠᠢ ᠨᠢ᠄ ᠪᠤᠭᠤᠲᠤ ᠬᠤᠲᠠ︔ ᠲᠦᠩᠯᠢᠶᠣᠤ ᠬᠤᠳᠠ᠂ ᠤᠯᠠᠭᠠᠨᠬᠠᠳᠠ ᠬᠤᠳᠠ᠂ ᠬᠥᠯᠥᠨ ᠪᠤᠶᠢᠷ ᠬᠤᠳᠠ᠂ ᠬᠢᠩᠭᠠᠨ ᠠᠶᠢᠮᠠᠭ ᠤᠨ ᠰᠢᠯᠭᠠᠭᠤᠯᠤᠭᠰᠠᠳ ᠤᠨ ᠰᠢᠯᠭᠠᠯᠲᠠ ᠶᠢᠨ ᠲᠠᠯᠠᠪᠠᠢ ᠨᠢ᠄ ᠤᠯᠠᠭᠠᠨᠬᠠᠳᠠ ᠬᠤᠲᠠ᠃      ᠰᠢᠯᠭᠠᠯᠲᠠ ᠶᠢᠨ ᠡᠮᠦᠨ᠎ᠡ᠂ ᠡᠯ᠎ᠡ ᠰᠢᠯᠭᠠᠯᠲᠠ ᠬᠢᠬᠦ ᠨᠢᠭᠡᠴᠡ ᠨᠢ ᠥᠪᠡᠷᠲᠡᠭᠡᠨ ᠵᠠᠰᠠᠬᠤ ᠣᠷᠣᠨ ᠤ ᠠᠵᠢᠯᠯᠠᠬᠤ ᠲᠠᠪᠴᠠᠩ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2016 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠪᠣᠯᠪᠠᠰᠤᠷᠠᠯ᠂ ᠵᠡᠪᠰᠡᠭ ᠤᠨ ᠡᠷᠳᠡᠮ ᠪᠣᠯᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠎ ᠤᠨ ᠰᠤᠷᠤᠭᠴᠢ ᠡᠯᠰᠡᠬᠦ ᠰᠣᠶᠣᠯ ᠤᠨ ᠰᠢᠯᠭᠠᠯᠲᠠ ᠶᠢᠨ ᠮᠡᠳᠡᠭᠳᠡᠯ ᠤᠨ ᠬᠠᠭᠤᠳᠠᠰᠤ︾᠎ ᠶᠢ ᠪᠠᠭᠤᠯᠭᠠᠨ ᠳᠠᠷᠤᠮᠯᠠᠵᠤ᠂ ᠠᠯᠪᠠᠨ ᠲᠠᠮᠠᠭ᠎ᠠ ᠪᠠᠨ ᠳᠠᠷᠤᠭᠰᠠᠨ ᠤ ᠳᠠᠷᠠᠭ᠎ᠠ ᠰᠢᠯᠭᠠᠭᠤᠯᠤᠭᠰᠠᠳ ᠲᠤ ᠴᠠᠭ ᠲᠤᠬᠠᠶ ᠳᠤᠨᠢ ᠭᠠᠷᠳᠠᠭᠤᠯᠬᠤ ᠬᠡᠷᠡᠭᠲᠡᠶ᠃      ᠰᠢᠯᠭᠠᠬᠤ ᠦᠶ᠎ᠡ ᠳᠤ᠂ ᠰᠢᠯᠭᠠᠭᠤᠯᠤᠭᠴᠢ ᠬᠤᠶᠠᠳᠣᠭᠠᠷ ᠦᠶ᠎ᠡ ᠶᠢᠨ ᠪᠡᠶ᠎ᠡ ᠶᠢᠨ ᠦᠨᠡᠮᠯᠡᠯ᠂ ︽2016 ᠣᠨ ᠤ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠪᠣᠯᠪᠠᠰᠤᠷᠠᠯ᠂ ᠵᠡᠪᠰᠡᠭ ᠤᠨ ᠡᠷᠳᠡᠮ ᠪᠣᠯᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠰᠢᠯᠭᠠᠭᠤᠯᠬᠤ ᠲᠡᠮᠳᠡᠭ︾ ᠪᠣᠯᠣᠨ ︽2016 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠪᠣᠯᠪᠠᠰᠤᠷᠠᠯ᠂ ᠵᠡᠪᠰᠡᠭ ᠤᠨ ᠡᠷᠳᠡᠮ ᠪᠣᠯᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠰᠤᠷᠤᠭᠴᠢ ᠡᠯᠰᠡᠬᠦ  ᠰᠣᠶᠣᠯ ᠤᠨ ᠰᠢᠯᠭᠠᠯᠲᠠ ᠶᠢᠨ ᠮᠡᠳᠡᠭᠳᠡᠯ ᠤᠨ ᠬᠠᠭᠤᠳᠠᠰᠤ︾᠎ ᠪᠠᠨ ᠠᠪᠴᠤ ᠰᠢᠯᠭᠠᠯᠲᠠ ᠳᠤ ᠣᠷᠣᠯᠴᠠᠨ᠎ᠠ᠃      2. ᠰᠢᠯᠭᠠᠯᠲᠠ ︵ᠬᠠᠷᠢᠭᠤᠯᠲᠠ︶᠎ ᠶᠢᠨ ᠬᠠᠭᠤᠳᠠᠰᠤ ᠶᠢᠨ ᠠᠮᠤᠷ ᠲᠦᠪᠰᠢᠨ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠰᠢᠯᠭᠠᠯᠲᠠ ︵ᠬᠠᠷᠢᠭᠤᠯᠲᠠ︶᠎ ᠶᠢᠨ ᠬᠠᠭᠤᠳᠠᠰᠤ ᠶᠢᠨ ᠠᠮᠤᠷ ᠲᠦᠪᠰᠢᠨ ᠨᠢᠭᠤᠴᠠ ᠶᠢ ᠬᠠᠮᠠᠭᠠᠯᠠᠬᠤ ᠪᠣᠯ ᠰᠢᠯᠭᠠᠯᠲᠠ ᠶᠢᠨ ᠠᠵᠢᠯ ᠤᠨ ᠴᠢᠬᠤᠯᠠ ᠠᠴᠠ ᠴᠢᠬᠤᠯᠠ ᠵᠦᠢᠯ ᠪᠣᠯᠬᠤᠷ᠂ ᠡᠯ᠎ᠡ ᠰᠢᠯᠭᠠᠯᠲᠠ ᠶᠢᠨ ᠴᠢᠭ᠋  ᠎ ᠨᠢ  ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠨᠢᠭᠡᠳᠦᠯᠲᠡᠶ ᠰᠢᠯᠭᠠᠯᠲᠠ ᠶᠢᠨ ᠰᠢᠯᠭᠠᠯᠲᠠ ᠶᠢᠨ ᠬᠠᠭᠤᠳᠠᠰᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ﹀᠎ ᠶᠢ ᠳᠠᠷᠤᠮᠠᠯᠯᠠᠨ ᠶᠠᠪᠤᠭᠤᠯᠬᠤ ᠲᠣᠬᠠᠢ ᠮᠡᠳᠡᠭᠳᠡᠯ︾ ︵ᠥᠪᠥᠷ  ᠰᠢᠯᠭᠠᠯᠲᠠ ᠡᠯᠰᠡᠬᠦ ᠠᠯᠪᠠᠨ ᠭᠡᠷ  ﹇2015﹈ 42 ᠳ᠋ᠤᠭᠠᠷ ᠲᠣᠭᠠᠲᠤ︶ ︵ᠳᠣᠷᠣᠭᠰᠢ ︽ᠰᠢᠯᠭᠠᠯᠲᠠ ᠶᠢᠨ ᠬᠠᠭᠤᠳᠠᠰᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶᠎ ᠤᠨ  ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠰᠢᠯᠭᠠᠯᠲᠠ  ︵ᠬᠠᠷᠢᠭᠤᠯᠲᠠ︶ ᠎ ᠶᠢᠨ ᠬᠠᠭᠤᠳᠠᠰᠤ ᠶᠢ ᠲᠤᠰᠢᠶᠠᠬᠤ ᠲᠤᠰᠬᠤ᠂ ᠬᠦᠷᠭᠡᠬᠦ᠂ ᠬᠠᠳᠠᠭᠠᠯᠠᠨ ᠬᠠᠮᠢᠶᠠᠷᠬᠤ᠂ ᠬᠡᠷᠡᠭᠯᠡᠬᠦ᠂ ᠡᠭᠡᠭᠦᠯᠦᠨ ᠬᠤᠷᠢᠶᠠᠬᠤ᠂ ᠳᠦᠷᠰᠦ ᠰᠢᠩᠭᠡᠭᠡᠯᠲᠡ ᠶᠢ ᠲᠠᠬᠢᠨ ᠦᠵᠡᠬᠦ ᠵᠡᠷᠭᠡ ᠵᠠᠩᠭᠢᠯᠠᠭ᠎ᠠ ᠶᠢᠨ ᠠᠵᠢᠯ ᠢ ᠰᠠᠶᠢᠲᠤᠷ ᠬᠢᠵᠦ᠂  ᠵᠢᠵᠢᠭᠦᠷᠯᠡᠵᠦ ᠬᠠᠮᠢᠶᠠᠷᠬᠤ ᠶᠢ ᠴᠢᠩᠭᠠᠳᠬᠠᠵᠤ᠂ ᠰᠢᠯᠭᠠᠯᠲᠠ ︵ᠬᠠᠷᠢᠭᠤᠯᠲᠠ︶᠎ ᠶᠢᠨ ᠬᠠᠭᠤᠳᠠᠰᠤ ᠶᠢᠨ ᠠᠮᠤᠷ ᠲᠦᠪᠰᠢᠨ ᠨᠢᠭᠤᠴᠠ ᠶᠢ ᠬᠠᠮᠠᠭᠠᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠳᠦᠷᠰᠦ ᠰᠢᠩᠭᠡᠭᠡᠯᠲᠡ ᠶᠢ ᠳᠠᠬᠢᠨ ᠦᠵᠡᠬᠦ ᠶᠢ ᠶᠡᠭᠡ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠪᠣᠯᠤᠨ ᠰᠢᠯᠭᠠᠯᠲᠠ ᠶᠢ ᠳᠠᠭᠠᠭᠠᠴᠢᠯᠠᠨ ᠡᠷᠭᠢᠯᠡᠬᠦ ᠪᠠᠶᠢᠭᠤᠯᠤᠮᠵᠢ ᠬᠠᠮᠲᠤᠪᠠᠷ ᠬᠠᠷᠢᠭᠤᠴᠠᠵᠤ᠂ ᠲᠠᠬᠢᠨ ᠦᠵᠡᠭᠰᠡᠨ ᠤ ᠬᠤᠶᠢᠨ᠎ᠠ ᠬᠠᠮᠢᠶ᠎ᠠ ᠪᠦᠬᠦᠢ ᠬᠥᠮᠦᠰ ᠢᠶᠠᠷ ︽ᠰᠢᠯᠭᠠᠯᠲᠠ ᠶᠢᠨ ᠬᠠᠭᠤᠳᠠᠰᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾᠎ ᠶᠢᠨ ᠪᠠᠶᠢᠳᠠᠯ ᠢ ᠲᠡᠮᠳᠡᠭᠯᠡᠬᠦ ᠲᠣᠭᠲᠠᠭᠰᠠᠨ ᠬᠡᠪ ᠤᠨ  ᠬᠦᠰᠦᠨᠦᠭᠲᠦ ᠶᠢ ᠲᠠᠭᠯᠠᠭᠤᠯᠵᠤ᠂ ᠲᠠᠭᠯᠠᠭᠤᠯᠤᠭᠰᠠᠨ ᠤ ᠳᠠᠷᠠᠭ᠎ᠠ ᠡᠯ᠎ᠡ ᠰᠢᠯᠭᠠᠯᠲᠠ ᠶᠢᠨ ᠴᠢᠭ᠋ ᠨᠢ ᠦᠯᠡᠳᠡᠭᠡᠨ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠬᠦ ᠬᠡᠷᠡᠭᠲᠡᠶ᠃      ᠰᠤᠷᠭᠠᠨ ᠬᠥᠮᠦᠵᠢᠯ ᠤᠨ ᠶᠠᠮᠤᠨ ᠤ ᠰᠢᠯᠭᠠᠯᠲᠠ ᠶᠢᠨ ᠲᠥᠪ ᠠᠴᠠ 4 ᠳ᠋ᠦ᠋ᠭᠡᠷ ᠰᠠᠷ᠎ᠠ ᠶᠢᠨ 15᠎ ᠤ ᠡᠳᠦᠷ - 20᠎ ᠤ ᠡᠳᠦᠷ ᠰᠢᠯᠭᠠᠯᠲᠠ ᠶᠢᠨ ᠴᠢᠭ᠋ ᠲᠤ ᠰᠢᠯᠭᠠᠯᠲᠠ ᠶᠢᠨ ᠬᠠᠭᠤᠳᠠᠰᠤ ᠶᠢ ᠲᠠᠷᠬᠠᠭᠠᠨ  ᠶᠠᠪᠤᠭᠤᠯᠤᠨ᠎ᠠ᠂ ᠡᠯ᠎ᠡ ᠰᠢᠯᠭᠠᠯᠲᠠ ᠶᠢᠨ ᠴᠢᠭ᠋ ᠨᠢ ᠲᠤᠰᠬᠠᠶ ᠬᠥᠮᠦᠨ ᠲᠣᠬᠢᠷᠠᠭᠤᠯᠤᠨ ᠰᠢᠯᠭᠠᠯᠲᠠ ᠶᠢᠨ ᠬᠠᠭᠤᠳᠠᠰᠤ ᠶᠢ ᠲᠤᠰᠤᠨ ᠠᠪᠬᠤ ᠪᠡᠯᠡᠳᠬᠡᠯ ᠠᠵᠢᠯ ᠢ  ᠤᠷᠢᠳᠴᠢᠯᠠᠨ ᠰᠠᠶᠢᠲᠤᠷ ᠬᠢᠬᠦ ᠬᠡᠷᠡᠭᠲᠡᠶ᠃ ᠲᠤᠰ ᠤᠳᠠᠭᠠᠨ ᠤ ᠪᠡᠶ᠎ᠡ ᠶᠢᠨ ᠲᠠᠮᠢᠷ ᠤᠨ ᠲᠤᠰᠬᠠᠢ ᠮᠡᠷᠭᠡᠵᠢᠯ ᠤᠨ ᠠᠰ ᠲᠤᠨᠢ ᠡᠯᠰᠡᠬᠦ ᠰᠣᠶᠣᠯ ᠤᠨ ᠰᠢᠯᠭᠠᠯᠲᠠ ᠶᠢᠨ ᠲᠠᠯᠠᠪᠠᠶ ᠶᠢ 30 ᠬᠥᠮᠥᠨ ᠤ ᠬᠡᠪ ᠪᠡᠷᠢᠮᠵᠢᠶ᠎ᠠ ᠪᠠᠷ ᠪᠠᠶᠢᠷᠢᠯᠠᠭᠤᠯᠵᠤ᠂ ᠰᠢᠯᠭᠠᠯᠲᠠ ᠶᠢᠨ ᠬᠠᠭᠤᠳᠠᠰᠤ ᠶᠢ ᠴᠦ ᠵᠣᠬᠢᠴᠠᠩᠭᠤᠢ ᠪᠠᠷ 30 ᠬᠤᠪᠢ ᠪᠠᠷ ᠪᠠᠶᠢᠷᠢᠯᠠᠭᠤᠯᠤᠨ᠎ᠠ᠃ ᠪᠡᠯᠡᠳᠬᠡᠯ ᠰᠢᠯᠭᠠᠯᠲᠠ ᠶᠢᠨ ᠬᠠᠭᠤᠳᠠᠰᠤ ᠶᠢ ᠬᠡᠷᠡᠭᠴᠡᠭᠡ ᠪᠠᠨ ᠦᠨᠳᠦᠰᠦᠯᠡᠨ ᠵᠠᠬᠢᠶᠠᠯᠠᠨ ᠠᠪᠴᠤ᠂ ᠬᠠᠤᠯᠢ ᠪᠠᠷ ᠲᠣᠭᠲᠠᠭᠠᠭᠰᠠᠨ ᠪᠤᠰᠤ ᠪᠠᠶᠢᠳᠠᠯ ᠳᠤ ᠬᠡᠷᠡᠭᠯᠡᠵᠦ ᠪᠣᠯᠬᠤ ᠤᠢᠭᠡᠢ᠂ ᠰᠢᠯᠭᠠᠯᠲᠠ ᠳᠠᠭᠤᠰᠤᠭᠰᠠᠨ ᠤ ᠬᠤᠶᠢᠨ᠎ᠠ ᠰᠢᠯᠭᠠᠯᠲᠠ ᠶᠢᠨ ᠴᠢᠭ᠋ ᠠᠴᠠ ᠨᠢᠭᠡᠳᠦᠯᠲᠡᠶ ᠬᠤᠷᠢᠶᠠᠵᠤ ᠠᠪᠬᠤ ᠬᠡᠷᠡᠭᠲᠡᠶ᠃      ᠰᠢᠯᠭᠠᠯᠲᠠ ᠳᠠᠭᠤᠰᠤᠭᠰᠠᠨ ᠠᠴᠠ ᠰᠡᠭᠦᠯᠡᠷ᠂ 4 ᠳ᠋ᠦ᠋ᠭᠡᠷ ᠰᠠᠷ᠎ᠠ ᠶᠢᠨ 25᠎ ᠤ ᠡᠳᠦᠷ ᠠᠴᠠ ᠡᠮᠦᠨ᠎ᠡ ᠪᠡᠯᠡᠳᠬᠡᠯ ᠰᠢᠯᠭᠠᠯᠲᠠ ᠶᠢᠨ ᠬᠠᠭᠤᠳᠠᠰᠤ ᠪᠣᠯᠤᠨ ᠰᠢᠯᠭᠠᠭᠤᠯᠤᠭᠰᠠᠳ ᠤᠨ ᠰᠢᠯᠭᠠᠯᠲᠠ ᠶᠢᠨ ᠬᠠᠭᠤᠳᠠᠰᠤ ᠶᠢ  ᠨᠢᠭᠤᠴᠠ ᠪᠠᠷ ᠬᠤᠪᠸᠢ ᠮᠤᠵᠢ ᠶᠢᠨ ᠰᠢᠯᠭᠠᠯᠲᠠ ᠶᠢᠨ ᠬᠦᠷᠢᠶᠡᠯᠡᠩ ᠲᠤ ᠬᠥᠷᠭᠡᠨ᠎ᠡ᠂ ᠨᠢᠭᠤᠴᠠ ᠬᠠᠶ᠋ᠢᠭ᠄ ᠬᠤᠪᠸᠢ ᠮᠤᠵᠢ ᠶᠢᠨ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠤᠨ ᠱᠠ ᠬᠤ᠋ ᠰᠢᠯᠭᠠᠯᠲᠠ ᠶᠢᠨ ᠰᠠᠭᠤᠷᠢᠨ ᠭᠠᠵᠠᠷ ︵ᠡᠦ ᠴᠠᠩ ᠲᠣᠭᠤᠷᠢᠭ ᠤᠨ ᠶᠢᠦ ᠢ ᠶᠡᠭᠡ  ᠵᠡᠭᠡᠯᠢ ᠶᠢᠨ ᠰᠢᠦᠸᠧᠢ ᠶᠤᠸᠠᠨ ᠵᠠᠮ ᠤᠨ 12 ᠳ᠋ᠤᠭᠠᠷ ᠨᠣᠮᠧᠷ︶᠎ ᠤᠨ 3 ᠳ᠋ᠤᠭᠠᠷ ᠠᠰᠠᠷ᠃ ᠬᠠᠷᠢᠯᠴᠠᠬᠤ ᠬᠥᠮᠦᠨ᠄ ᠹᠠᠨ ᠭᠧᠩ ᠪᠢᠨ ︵13807188490︶᠃     3. ᠪᠦᠬᠦᠶᠢᠯᠡ ᠰᠢᠯᠭᠠᠯᠲᠠ ᠶᠢ ᠴᠥᠮ ᠪᠠᠷᠢᠮᠵᠢᠶᠠᠳᠤ ᠰᠢᠯᠭᠠᠯᠲᠠ ᠶᠢᠨ ᠲᠠᠯᠠᠪᠠᠢ ᠳᠤ ᠶᠠᠪᠤᠭᠳᠠᠭᠤᠯᠬᠤ ᠬᠡᠷᠡᠭᠲᠡᠢ᠃ ᠰᠢᠯᠭᠠᠯᠲᠠ ᠠᠴᠠ ᠡᠮᠦᠨ᠎ᠡ᠂ ᠪᠠᠷᠢᠮᠵᠢᠶᠠᠳᠤ ᠰᠢᠯᠭᠠᠯᠲᠠ ᠶᠢᠨ ᠲᠠᠯᠠᠪᠠᠢ ᠂ ᠲᠣᠬᠢᠷᠠᠭᠤᠯᠤᠭᠰᠠᠨ ᠪᠤᠢ ᠪᠦᠬᠦᠢ ᠪᠡᠯᠡᠳᠬᠡᠮᠵᠢ ᠶᠢ ᠨᠠᠷᠢᠨ ᠬᠢᠨᠠᠮᠠᠭᠠᠶ ᠪᠠᠶᠢᠴᠠᠭᠠᠵᠤ᠂ ᠬᠡᠪ ᠤᠨ ᠴᠢᠨᠠᠷᠲᠠᠢ ᠪᠦᠲᠦᠮᠵᠢᠲᠡᠶ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ︔ ᠰᠢᠯᠭᠠᠯᠲᠠ ᠶᠢᠨ ᠬᠤᠭᠤᠴᠠᠭᠠᠨ ᠳᠤ ᠴᠠᠬᠢᠯᠭᠠᠨ ᠵᠣᠭᠰᠣᠬᠤ ᠦᠭᠡᠢ ᠪᠠᠶᠢᠬᠤ᠂ ᠰᠢᠯᠭᠠᠯᠲᠠ ᠶᠢᠨ ᠲᠠᠯᠠᠪᠠᠢ ᠶᠢᠨ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠮᠠᠲ᠋ᠧᠷᠢᠶᠠᠯ ᠪᠦᠷᠢᠨ ᠭᠦᠢᠴᠡᠳ᠂ ᠲᠣᠳᠣᠷᠬᠠᠶ᠂ ᠲᠠᠰᠤᠯᠳᠠᠯ ᠦᠭᠡᠢ᠂ ᠬᠠᠰᠤᠬᠤ ᠦᠭᠡᠢ᠂ ᠭᠠᠳᠠᠭᠰᠢ ᠵᠠᠳᠠᠷᠠᠭᠤᠯᠬᠤ ᠦᠭᠡᠢ᠂ ᠴᠠᠭ ᠲᠤᠬᠠᠶ ᠳᠤᠨᠢ ᠤᠯᠠᠮᠵᠢᠯᠠᠨ ᠬᠦᠷᠭᠡᠵᠦ ᠪᠣᠯᠬᠤ ᠶᠢ ᠪᠠᠲᠤᠯᠠᠬᠤ ᠬᠡᠷᠡᠭᠲᠡᠢ᠃ ᠰᠢᠯᠭᠠᠯᠲᠠ ᠠᠴᠠ ᠡᠮᠦᠨ᠎ᠡ᠂ ᠡᠯ᠎ᠡ ᠰᠢᠯᠭᠠᠯᠲᠠ ᠶᠢᠨ ᠴᠢᠭ᠋ ᠎ ᠨᠢ ︽ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠨᠢᠭᠡᠳᠦᠯᠲᠡᠶ ᠰᠢᠯᠭᠠᠯᠲᠠ ᠶᠢᠨ ᠰᠢᠯᠭᠠᠬᠤ ᠴᠢᠭ᠋ ᠤᠨ ᠰᠢᠯᠭᠠᠯᠲᠠ ᠶᠢᠨ ᠲᠠᠯᠠᠪᠠᠶ ᠶᠢᠨ  ᠲᠣᠬᠢᠷᠠᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶  ﹀᠎ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠰᠢᠯᠭᠠᠯᠲᠠ ᠡᠯᠰᠡᠬᠦ ᠠᠯᠪᠠᠨ ᠭᠡᠷ  ﹇2015﹈ 40 ᠳ᠋ᠦ᠋ᠭᠡᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ᠰᠢᠯᠭᠠᠯᠲᠠ ᠶᠢᠨ ᠴᠢᠭ᠋᠂ ᠰᠢᠯᠭᠠᠯᠲᠠ ᠶᠢᠨ ᠲᠠᠯᠠᠪᠠᠢ ᠵᠢᠴᠢ ᠪᠤᠰᠤᠳ ᠰᠢᠯᠭᠠᠯᠲᠠ ᠶᠢᠨ ᠲᠠᠯᠠᠪᠤᠷ ᠢ ᠪᠠᠶᠢᠷᠢᠯᠠᠭᠤᠯᠬᠤ᠂ ᠰᠢᠯᠭᠠᠯᠲᠠ ᠶᠢᠨ ᠠᠵᠢᠯᠲᠠᠤᠨ ᠢ ᠭᠦᠢᠴᠡᠳ ᠪᠦᠷᠢᠨᠰᠢᠭᠦᠯᠬᠦ᠂ ᠬᠠᠮᠢᠶ᠎ᠠ ᠪᠦᠬᠦᠢ ᠰᠢᠯᠭᠠᠯᠲᠠ ᠶᠢᠨ ᠲᠥᠬᠦᠭᠡᠷᠦᠮᠵᠢ ᠪᠤᠶᠤ ᠪᠡᠯᠡᠳᠬᠡᠮᠵᠢ ᠲᠣᠬᠢᠷᠠᠭᠤᠯᠬᠤ ᠶᠢ ᠵᠢᠷᠤᠮᠵᠢᠭᠤᠯᠬᠤ ᠬᠡᠷᠡᠭᠲᠡᠢ︔ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠭᠤᠯᠭᠠᠭᠰᠠᠨ ᠪᠣᠯᠪᠠᠰᠤᠷᠠᠯ ᠤᠨ ᠮᠠᠲ᠋ᠧᠷᠢᠶᠠᠯ᠂ ᠰᠢᠯᠭᠠᠯᠲᠠ ᠬᠢᠨᠠᠭᠴᠢ ᠪᠠᠶᠢᠴᠠᠭᠠᠭᠴᠢ ᠭᠡᠰᠢᠭᠦᠨ ᠪᠣᠯᠣᠨ ᠠᠵᠢᠯᠲᠠᠳ ᠢ ᠬᠡᠷᠡᠭᠯᠡᠵᠦ᠂ ᠰᠢᠯᠭᠠᠯᠲᠠ ᠳᠤ ᠬᠤᠯᠪᠣᠭᠳᠠᠬᠤ ᠪᠤᠢ ᠪᠦᠬᠦᠢ ᠬᠥᠮᠦᠰ ᠲᠤ ᠰᠢᠯᠭᠠᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠶᠢ ᠣᠶᠢᠯᠠᠭᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ︔ ᠰᠢᠯᠭᠠᠭᠤᠯᠬᠤ ᠳᠠᠭᠠᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠨᠢᠭᠡᠳᠦᠯᠲᠡᠶ ᠰᠢᠯᠭᠠᠯᠲᠠ ᠶᠢᠨ ᠰᠢᠯᠭᠠᠬᠤ ᠳᠡᠰ ᠳᠠᠷᠠᠭᠠᠯᠠᠯ ︵ᠲᠤᠷᠰᠢᠨ ᠬᠡᠷᠡᠭᠵᠢᠭᠦᠯᠬᠦ︶  ﹀᠎ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠰᠢᠯᠭᠠᠯᠲᠠ ᠡᠯᠰᠡᠬᠦ ᠠᠯᠪᠠᠨ ᠭᠡᠷ  ﹇2015﹈ 41 ᠳ᠋ᠦ᠋ᠭᠡᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ ᠴᠢᠩᠭ᠎ᠠ ᠬᠢᠨᠠᠮᠠᠭᠠᠢ ᠰᠢᠯᠭᠠᠬᠤ ᠬᠡᠷᠡᠭᠲᠡᠢ᠃      4. ᠲᠠᠯᠠᠪᠠᠶ ᠳᠤ ᠣᠷᠣᠬᠤ ᠪᠠᠶᠢᠴᠠᠭᠠᠯᠲᠠ ᠶᠢ ᠴᠢᠩᠭᠠᠳᠬᠠᠵᠤ᠂ ᠣᠷᠣᠯᠠᠵᠤ ᠰᠢᠯᠭᠠᠭᠤᠯᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠰᠢᠯᠭᠠᠯᠲᠠ ᠡᠷᠬᠢᠯᠡᠭᠴᠢ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠲᠤᠰ ᠰᠢᠯᠭᠠᠯᠲᠠ ᠶᠢᠨ ᠴᠢᠭ᠋ ᠤᠨ ᠰᠢᠯᠭᠠᠯᠲᠠ ᠶᠢ ᠵᠣᠬᠢᠶᠠᠨ ᠪᠠᠶᠢᠭᠤᠯᠬᠤ ᠪᠠ ᠰᠢᠯᠭᠠᠯᠲᠠ ᠶᠢᠨ ᠰᠤᠷᠲᠠᠯ ᠰᠢᠯᠭᠠᠯᠲᠠ ᠶᠢᠨ ᠰᠠᠬᠢᠯᠭ᠎ᠠ ᠪᠠᠲᠤ ᠳᠤ ᠬᠠᠷᠢᠭᠤᠴᠠᠯᠭ᠎ᠠ ᠡᠭᠦᠷᠡᠭᠯᠡᠵᠦ᠂ ᠠᠷᠭ᠎ᠠ ᠬᠡᠮᠵᠢᠶ᠎ᠡ ᠠᠪᠴᠤ ᠪᠠᠶᠢᠭᠠᠳ ᠰᠢᠯᠭᠠᠯᠲᠠ ᠶᠢᠨ ᠲᠠᠯᠠᠪᠠᠢ ᠶᠢᠨ ᠬᠠᠮᠢᠶᠠᠷᠤᠯᠲᠠ ᠶᠢ ᠬᠦᠴᠦᠲᠡᠶ ᠠᠳᠬᠤᠵᠤ᠂ ᠰᠢᠯᠭᠠᠯᠲᠠ ᠶᠢᠨ ᠲᠠᠯᠠᠪᠠᠢ ᠶᠢᠨ ᠡᠮᠬᠢ ᠳᠢᠭᠯᠢᠮ ᠢ ᠦᠨᠡᠨ ᠬᠦ ᠪᠠᠲᠤᠯᠠᠬᠤ ᠬᠡᠷᠡᠭᠲᠡᠢ︔ ᠰᠢᠯᠭᠠᠯᠲᠠ ᠶᠢᠨ ᠲᠠᠯᠠᠪᠠᠢ ᠶᠢ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ ᠬᠤᠷᠤᠭᠤᠨ ᠎ ᠤ ᠨᠠᠮᠵᠢᠭᠤᠨ ᠰᠤᠳᠠᠯ᠂ ᠲᠡᠮᠦᠷᠯᠢᠭ ᠢ ᠬᠠᠶᠢᠨ ᠰᠢᠨᠵᠢᠬᠦ ᠪᠠᠭᠠᠵᠢ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠵᠤ᠂ ᠰᠢᠯᠭᠠᠯᠲᠠ ᠶᠢᠨ ᠴᠢᠭ᠋ ᠵᠢᠴᠢ ᠰᠢᠯᠭᠠᠯᠲᠠ ᠶᠢᠨ ᠲᠣᠭᠲᠠᠭᠠᠯ ᠢ ᠵᠥᠷᠢᠴᠡᠬᠦ ᠰᠠᠬᠢᠯᠭ᠎ᠠ ᠪᠠᠲᠤ ᠶᠢ ᠵᠥᠷᠢᠴᠡᠬᠦ ᠠᠵᠢᠯᠯᠠᠭ᠎ᠠ ᠶᠢ ᠴᠢᠩᠭ᠎ᠠ ᠬᠢᠨᠠᠨ ᠡᠵᠡᠮᠳᠡᠬᠦ᠂ ᠪᠦᠲᠦᠮᠵᠢᠲᠡᠶ ᠪᠠᠷ ᠰᠡᠷᠭᠡᠶᠢᠯᠡᠬᠦ ᠪᠠ ᠴᠣᠬᠢᠯᠲᠠ ᠥᠭᠬᠦ ᠶᠢ ᠴᠢᠩᠭᠠᠳᠬᠠᠬᠤ ᠬᠡᠷᠡᠭᠲᠡᠶ︔ ᠰᠢᠯᠭᠠᠯᠲᠠ ᠬᠢᠨᠠᠭᠴᠢ ᠶᠢᠨ ᠡᠭᠦᠷᠭᠡ  ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠂ ᠬᠡᠮ ᠦᠢᠯᠡᠳᠬᠦ ᠶᠢ ᠰᠡᠷᠭᠡᠶᠢᠯᠡᠬᠦ ᠡᠯ᠎ᠡ ᠲᠥᠷᠥᠯ ᠤᠨ ᠬᠠᠲᠠᠭᠤ ᠲᠤᠨᠤᠭ ᠲᠥᠬᠦᠭᠡᠷᠦᠮᠵᠢ ᠶᠢ ᠬᠡᠷᠡᠭᠯᠡᠭᠰᠡᠨ ᠠᠴᠠ ᠪᠣᠯᠵᠤ ᠰᠢᠯᠭᠠᠯᠲᠠ ᠬᠢᠨᠠᠭᠴᠢ ᠶᠢᠨ ᠦᠢᠯᠡᠳᠦᠯ ᠢ ᠣᠮᠲᠣᠭᠠᠶᠢᠯᠠᠵᠤ ᠪᠣᠯᠬᠤ ᠦᠭᠡᠢ᠂ ᠢᠯᠠᠩᠭᠤᠶ᠎ᠠ ᠰᠢᠯᠭᠠᠭᠤᠯᠤᠭᠰᠠᠳ ᠰᠢᠯᠭᠠᠯᠲᠠ ᠶᠢᠨ ᠲᠠᠯᠠᠪᠠᠶ ᠳᠤ ᠣᠷᠣᠬᠤ ᠶᠢ ᠪᠠᠶᠢᠴᠠᠭᠠᠬᠤ᠂ ᠪᠡᠶ᠎ᠡ  ᠭᠠᠷᠤᠯ ᠢ ᠨᠢ ᠲᠣᠳᠣᠯᠠᠬᠤ᠂ ᠬᠥᠮᠦᠨ ᠢ ᠣᠷᠣᠯᠠᠨ ᠰᠢᠯᠭᠠᠭᠤᠯᠬᠤ ᠶᠢ ᠪᠠᠶᠢᠴᠠᠭᠠᠨ ᠰᠢᠢᠳᠪᠦᠷᠢᠯᠡᠬᠦ ᠪᠠ ᠷᠠᠳᠢᠤ᠋ ᠪᠠᠷ ᠬᠡᠮ ᠦᠢᠯᠡᠳᠬᠦ ᠵᠡᠷᠭᠡ ᠠᠵᠢᠯ ᠳᠤ ᠰᠢᠯᠭᠠᠯᠲᠠ ᠬᠢᠨᠠᠭᠴᠢ ᠳᠤ ᠭᠦᠢᠴᠡᠳ ᠲᠦᠰᠢᠭᠯᠡᠬᠦ ᠬᠡᠷᠡᠭᠲᠡᠢ᠃      5 . ᠬᠤᠷᠤᠭᠤᠨ ᠤ ᠨᠠᠮᠵᠢᠭᠤᠨ ᠰᠤᠳᠠᠯ ᠢ ᠲᠠᠯᠠᠪᠠᠢ ᠳᠤ ᠣᠷᠣᠬᠤ ᠳᠤ ᠰᠢᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠡᠯ᠎ᠡ ᠰᠢᠯᠭᠠᠯᠲᠠ ᠶᠢᠨ ᠴᠢᠭ᠋ ᠨᠢ ᠰᠢᠯᠭᠠᠯᠲᠠ ᠬᠢᠬᠦ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠬᠤᠷᠤᠭᠤᠨ ᠤ ᠨᠠᠮᠵᠢᠭᠤᠨ ᠰᠤᠳᠠᠯ ᠢ ᠰᠢᠯᠭᠠᠨ ᠪᠠᠲᠤᠯᠠᠬᠤ ᠭᠠᠵᠠᠷ ᠢ ᠵᠣᠬᠢᠰᠲᠠᠶ ᠲᠣᠬᠢᠷᠠᠭᠤᠯᠵᠤ᠂ ᠲᠤᠨᠤᠬ ᠲᠥᠬᠦᠭᠡᠷᠦᠮᠵᠢ ᠤᠭᠰᠠᠷᠠᠬᠤ᠂ ᠲᠣᠬᠢᠷᠠᠭᠤᠯᠤᠨ ᠲᠤᠷᠰᠢᠬᠤ ᠠᠵᠢᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ︔ ᠬᠤᠷᠤᠭᠤᠨ ᠤ ᠨᠠᠮᠵᠢᠭᠤᠨ ᠰᠤᠳᠠᠯ ᠤᠨ ᠰᠢᠯᠭᠠᠨ ᠪᠠᠲᠤᠯᠠᠬᠤ ᠲᠠᠯᠠᠪᠤᠷ ᠭᠠᠵᠠᠷ ᠢ ᠪᠢᠲᠡᠭᠦᠮᠵᠢᠯᠡᠬᠦ ᠪᠠ ᠵᠢᠯᠤᠭᠤᠳᠤᠨ ᠳᠠᠭᠠᠭᠤᠯᠬᠤ ᠠᠵᠢᠯ ᠢ ᠰᠠᠶᠢᠲᠤᠷ ᠬᠢᠵᠤ᠂ ᠲᠤᠰᠬᠠᠶ ᠬᠥᠮᠦᠨ ᠰᠢᠯᠭᠠᠭᠤᠯᠤᠭᠰᠠᠳ ᠢ ᠵᠣᠬᠢᠶᠠᠨ ᠪᠠᠶᠢᠭᠤᠯᠵᠤ ᠡᠮᠬᠢ ᠳᠠᠷᠠᠭ᠎ᠠ ᠲᠠᠢ ᠪᠠᠷ ᠮᠥᠷᠯᠡᠨ ᠵᠢᠭᠰᠠᠵᠤ ᠰᠢᠯᠭᠠᠨ ᠪᠠᠲᠤᠯᠠᠭᠤᠯᠬᠤ ᠪᠠ ᠲᠠᠯᠠᠪᠠᠶ ᠳᠤ ᠣᠷᠣᠭᠤᠯᠵᠤ᠂ ᠨᠢᠭᠡᠨᠲᠡ ᠰᠢᠯᠭᠠᠨ ᠪᠠᠲᠤᠯᠠᠭᠤᠯᠤᠭᠰᠠᠨ ᠰᠢᠯᠭᠠᠭᠤᠯᠤᠭᠰᠠᠳ ᠪᠣᠯᠤᠨ ᠰᠢᠯᠭᠠᠨ ᠪᠠᠲᠤᠯᠠᠭᠰᠠᠨ ᠤᠢᠭᠡᠢ ᠪᠠᠷ ᠨᠡᠷ᠎ᠡ ᠮᠡᠳᠡᠭᠦᠯᠦᠭᠰᠡᠨ ᠰᠢᠯᠭᠠᠭᠤᠯᠤᠭᠰᠠᠳ ᠢ ᠰᠠᠯᠭᠠᠵᠤ ᠬᠠᠮᠢᠶᠠᠷᠬᠤ ᠬᠡᠷᠡᠭᠲᠡᠢ︔ ᠵᠦᠢ ᠵᠣᠬᠢᠰᠲᠠᠶ ᠪᠠᠷ ᠲᠣᠬᠢᠷᠠᠭᠤᠯᠵᠤ᠂ ᠰᠢᠯᠭᠠᠨ ᠪᠠᠲᠤᠯᠠᠬᠤ ᠲᠠᠯᠠᠪᠠᠶ ᠳᠤ ᠣᠷᠣᠬᠤ ᠶᠢ ᠪᠠᠶᠢᠴᠠᠭᠠᠬᠤ ᠠᠴᠠ ᠪᠣᠯᠵᠤ ᠰᠢᠯᠭᠠᠯᠲᠠ ᠶᠢ ᠬᠠᠷᠰᠢᠯᠠᠵᠤ ᠪᠣᠯᠬᠤ ᠦᠭᠡᠢ᠃      ᠬᠡᠷᠪᠡ ᠰᠢᠯᠭᠠᠭᠤᠯᠤᠭᠰᠠᠳ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠢᠶᠠᠨ ᠠᠪᠤᠭᠰᠠᠨ ᠦᠭᠡᠢ᠂ ᠬᠤᠷᠤᠭᠤᠨ ᠤ ᠨᠠᠮᠵᠢᠭᠤᠨ ᠰᠤᠳᠠᠯ ᠰᠢᠯᠭᠠᠨ ᠪᠠᠲᠤᠯᠠᠬᠤ ᠳᠤ  ᠪᠠᠲᠤᠯᠠᠭᠳᠠᠭᠰᠠᠨ ᠦᠭᠡᠢ ᠪᠤᠶᠤ ᠣᠷᠣᠯᠴᠠᠭᠰᠠᠨ ᠦᠭᠡᠢ ᠵᠡᠷᠭᠡ ᠪᠠᠶᠢᠳᠠᠯ ᠲᠣᠬᠢᠶᠠᠯᠳᠤᠪᠠᠯ᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠨᠢᠭᠡᠳᠦᠯᠲᠡᠶ ᠰᠢᠯᠭᠠᠯᠲᠠ ᠶᠢᠨ ᠰᠠᠨᠠᠭᠠᠨ ᠳᠤ ᠦᠭᠡᠢ ᠡᠭᠦᠰᠦᠭᠰᠡᠨ ᠬᠡᠷᠡᠭ ᠢ ᠰᠢᠢᠳᠪᠦᠷᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶﹀᠎ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠰᠢᠯᠭᠠᠯᠲᠠ ᠡᠯᠰᠡᠬᠦ ᠠᠯᠪᠠᠨ ᠭᠡᠷ  ﹇2015﹈᠂ 49 ᠳ᠋ᠦ᠋ᠭᠡᠷ ᠲᠣᠭᠠᠲᠤ︶᠎ ᠤᠨ ᠲᠣᠭᠲᠠᠭᠠᠯ ᠢ ᠦᠨᠳᠦᠰᠦᠯᠡᠨ ᠬᠡᠷᠡᠭᠵᠢᠭᠦᠯᠬᠦ ᠬᠡᠷᠡᠭᠲᠡᠢ᠃       6 . ᠪᠤᠰᠤᠳ ᠬᠤᠯᠪᠣᠭᠳᠠᠯ ᠪᠦᠬᠦᠢ ᠬᠡᠷᠡᠭ ᠶᠠᠪᠤᠳᠠᠯ      ︵1︶ ᠰᠢᠯᠭᠠᠯᠲᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠲᠤᠰᠬᠠᠶ ᠬᠥᠮᠦᠨ ᠲᠣᠬᠢᠷᠠᠭᠤᠯᠵᠤ᠂ 24 ᠴᠠᠭ ᠢᠶᠠᠷ ᠵᠢᠵᠢᠭᠦᠷᠯᠡᠨ᠎ᠡ᠂ ᠵᠢᠵᠢᠭᠦᠷ ᠤᠲᠠᠰᠤ 0471-3261814᠂ ᠢᠯᠡᠴᠢᠯᠡᠨ ᠮᠡᠳᠡᠭᠦᠯᠬᠦ ᠤᠲᠠᠰᠤ 0471-3261805  ᠃      ︵2︶ ᠡᠯ᠎ᠡ ᠰᠢᠯᠭᠠᠯᠲᠠ ᠶᠢᠨ ᠴᠢᠭ᠋ ᠤᠳ 4 ᠳ᠋ᠦ᠋ᠭᠡᠷ ᠰᠠᠷ᠎ᠠ ᠶᠢᠨ 18᠎ ᠤ ᠡᠳᠦᠷ ᠠᠴᠠ ᠡᠮᠦᠨ᠎ᠡ RTX ᠰᠢᠰᠲ᠋ᠧᠮ ᠢᠶᠠᠷ ᠥᠪᠡᠷᠲᠡᠭᠡᠨ ᠵᠠᠰᠠᠬᠤ ᠣᠷᠣᠨ ᠤ ᠰᠢᠯᠭᠠᠯᠲᠠ ᠶᠢᠨ ᠲᠥᠪ ᠲᠤ ᠵᠢᠵᠢᠭᠦᠷ ᠲᠣᠬᠢᠷᠠᠭᠤᠯᠤᠯᠲᠠ ᠪᠠᠨ ᠮᠡᠳᠡᠭᠦᠯᠬᠦ ᠬᠡᠷᠡᠭᠲᠡᠶ︔ ᠰᠢᠯᠭᠠᠯᠲᠠ ᠠᠴᠠ ᠡᠮᠦᠨ᠎ᠡ᠂ ᠰᠢᠯᠭᠠᠯᠲᠠ ᠶᠢᠨ ᠳᠤᠮᠳᠠ ᠰᠡᠳᠦᠪ ᠬᠠᠷᠢᠭᠤᠯᠬᠤ ᠪᠠ ᠰᠢᠯᠭᠠᠯᠲᠠ ᠶᠢᠨ ᠲᠠᠷᠠᠭ᠎ᠠ ᠰᠢᠯᠭᠠᠯᠲᠠ ᠶᠢᠨ ᠬᠠᠷᠢᠭᠤᠯᠲᠠ ᠶᠢ ᠬᠠᠳᠠᠭᠠᠯᠠᠨ ᠬᠠᠮᠢᠶᠠᠷᠬᠤ ᠵᠢᠴᠢ ᠰᠢᠯᠭᠠᠯᠲᠠ ᠬᠢᠭᠰᠡᠨ ᠪᠠᠶᠢᠳᠠᠯ ᠬᠡᠷᠪᠡ ᠬᠡᠪ ᠤᠨ ᠶᠣᠰᠣᠭᠠᠷ ᠶᠠᠪᠤᠭᠳᠠᠭᠰᠠᠨ ᠪᠣᠯ ᠮᠡᠳᠡᠭᠦᠯᠬᠦ ᠬᠡᠷᠡᠭ ᠦᠭᠡᠢ᠂ ᠡᠰᠡ ᠲᠡᠶᠢᠮᠦ ᠪᠣᠯ ᠲᠡᠷᠡ ᠳᠠᠷᠤᠶ ᠳᠤᠨᠢ ᠥᠪᠡᠷᠲᠡᠭᠡᠨ ᠵᠠᠰᠠᠬᠤ ᠣᠷᠣᠨ ᠤ ᠰᠢᠯᠭᠠᠯᠲᠠ ᠶᠢᠨ ᠲᠥᠪ ᠲᠤ ᠮᠡᠳᠡᠭᠦᠯᠬᠦ ᠬᠡᠷᠡᠭᠲᠡᠢ︔ ᠰᠢᠯᠭᠠᠯᠲᠠ ᠶᠢᠨ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠪᠠ ᠰᠢᠯᠭᠠᠯᠲᠠ ᠠᠴᠠ ᠰᠠᠭᠠᠲᠠᠭᠰᠠᠨ ᠮᠡᠳᠡᠭᠡ ᠵᠠᠩᠭᠢ ᠶᠢ ᠰᠢᠯᠭᠠᠯᠲᠠ ᠳᠠᠭᠤᠰᠤᠭᠰᠠᠨ ᠤ ᠲᠠᠷᠠᠭ᠎ᠠ ᠲᠡᠷᠡ ᠳᠠᠷᠤᠶ ᠳᠤᠨᠢ  ᠶᠡᠷᠦᠩᠬᠡᠢ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠭᠤᠯᠤᠨ ᠳᠡᠭᠡᠭᠰᠢ ᠮᠡᠳᠡᠭᠦᠯᠬᠦ ᠬᠡᠷᠡᠭᠲᠡᠶ᠃      ︵3︶ ᠡᠯ᠎ᠡ ᠰᠢᠯᠭᠠᠯᠲᠠ ᠶᠢᠨ ᠴᠢᠭ᠋ ᠤᠳ ᠲᠤᠰᠬᠠᠶ ᠬᠥᠮᠦᠨ ᠲᠣᠬᠢᠷᠠᠭᠤᠯᠵᠤ᠂ ᠢᠨᠲ᠋ᠧᠷ ᠰᠦᠯᠵᠢᠶᠡᠨ ᠳᠡᠭᠡᠷ᠎ᠡ  ᠢᠯᠡᠷᠡᠭᠰᠡᠨ ᠰᠢᠯᠭᠠᠯᠲᠠ ᠶᠢᠨ ᠠᠮᠤᠷ ᠲᠦᠪᠰᠢᠨ᠂ ᠡᠷᠬᠡ ᠲᠡᠭᠰᠢ᠂ ᠲᠥᠪ ᠭᠤᠣᠯᠴᠢ ᠪᠠ ᠰᠤᠷᠤᠭᠴᠢ ᠶᠢᠨ ᠠᠰᠢᠭ ᠲᠤᠰᠠ ᠳᠤ ᠬᠤᠣᠷ ᠬᠥᠨᠥᠭᠡᠯ ᠤᠴᠠᠷᠠᠭᠤᠯᠤᠭᠰᠠᠨ ᠡᠯ᠎ᠡ ᠵᠦᠢᠯ ᠤᠨ ᠬᠤᠣᠷᠲᠤ ᠮᠡᠳᠡᠭᠡ ᠵᠠᠩᠭᠢ ᠶᠢ ᠲᠥᠪᠯᠡᠷᠡᠭᠦᠯᠦᠨ ᠴᠤᠭᠯᠠᠭᠤᠯᠵᠤ᠂ ᠨᠠᠷᠢᠨ ᠬᠢᠨᠠᠮᠠᠭᠠᠶ ᠰᠤᠳᠤᠯᠤᠨ ᠮᠠᠭᠠᠳᠯᠠᠵᠤ᠂ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃      ︵4︶ ᠠᠯᠢᠪᠠ ᠪᠦᠬᠦᠠ ᠳᠤ ᠪᠣᠳᠠᠲᠤ ᠪᠠᠶᠢᠳᠠᠯ ᠢ ᠥᠨᠳᠦᠰᠦᠯᠡᠵᠦ᠂ ᠰᠢᠯᠭᠠᠭᠤᠯᠤᠭᠰᠠᠳ ᠲᠤ  ᠦᠢᠯᠡᠴᠢᠯᠡᠬᠦ ᠪᠠᠨ ᠦᠨᠡᠨ ᠬᠦ ᠴᠢᠩᠭᠠᠳᠬᠠᠵᠤ᠂ ᠰᠢᠯᠭᠠᠭᠤᠯᠤᠭᠰᠠᠳ ᠲᠤ ᠠᠶᠠᠲᠠᠢ ᠲᠠᠭᠠᠲᠠᠢ᠂ ᠳᠥᠭᠦᠮ ᠳᠥᠲᠡ ᠰᠢᠯᠭᠠᠯᠲᠠ ᠳᠤ ᠣᠷᠣᠯᠴᠠᠬᠤ ᠣᠷᠴᠢᠨ ᠨᠥᠬᠦᠴᠡᠯ ᠢ ᠴᠢᠷᠮᠠᠶᠢᠨ ᠡᠭᠦᠳᠴᠦ ᠥᠭᠬᠦ ᠬᠡᠷᠡᠭᠲᠡᠢ᠃      ᠲᠠᠪᠤ᠂ ᠰᠢᠯᠭᠠᠯᠲᠠ ︵ᠲᠤᠷᠰᠢᠬᠤ ᠰᠢᠯᠭᠠᠯᠲᠠ︶᠎ ᠶᠢᠨ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠴᠢᠩᠭ᠎ᠠ ᠰᠢᠳᠬᠡᠬᠦ ᠬᠡᠷᠡᠭᠲᠡᠢ      ᠪᠡᠶ᠎ᠡ ᠶᠢᠨ ᠲᠠᠮᠢᠷ ᠤᠨ ᠲᠤᠷᠰᠢᠬᠤ ᠰᠢᠯᠭᠠᠯᠲᠠ ᠪᠣᠯᠤᠨ ᠪᠡᠶ᠎ᠡ ᠶᠢᠨ ᠲᠠᠮᠢᠷ ᠤᠨ ᠠᠰ ᠲᠤᠨᠢ ᠡᠯᠰᠡᠬᠦ ᠰᠣᠶᠣᠯ ᠤᠨ ᠰᠢᠯᠭᠠᠯᠲᠠ ᠶᠢᠨ ᠬᠤᠭᠤᠴᠠᠭᠠᠨ ᠳᠤ᠂ ᠡᠯ᠎ᠡ ᠰᠢᠯᠭᠠᠯᠲᠠ ᠬᠢᠬᠦ ᠨᠢᠭᠡᠴᠡ ᠨᠦᠭᠦᠳ ︽ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠰᠢᠢᠳᠪᠦᠷᠢᠯᠡᠬᠦ ᠠᠷᠭ᠎ᠠ︾ ︽ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠳᠤ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠰᠢᠢᠳᠪᠦᠷᠢᠯᠡᠬᠦ ᠲᠦᠷ ᠬᠡᠷᠡᠭᠵᠢᠭᠦᠯᠬᠦ ᠠᠷᠭ᠎ᠠ︾᠎ ᠳᠤ ᠲᠣᠭᠲᠠᠭᠠᠭᠰᠠᠨ ᠳᠡᠰ ᠳᠠᠷᠠᠭᠠᠯᠠᠯ ᠪᠠ ᠲᠣᠭᠲᠠᠭᠠᠯ ᠢ ᠴᠢᠩᠭ᠎ᠠ ᠵᠢᠷᠤᠮᠯᠠᠵᠤ᠂ ᠰᠢᠯᠭᠠᠯᠲᠠ ︵ᠲᠤᠷᠰᠢᠬᠤ ᠰᠢᠯᠭᠠᠯᠲᠠ︶ ᠳᠤᠮᠳᠠ ᠲᠣᠭᠲᠠᠭᠠᠯ ᠠᠴᠠ ᠵᠥᠷᠢᠴᠡᠭᠰᠡᠨ ᠰᠢᠯᠭᠠᠭᠤᠯᠤᠭᠰᠠᠳ ᠵᠢᠴᠢ ᠬᠤᠯᠪᠣᠭᠳᠠᠯ ᠪᠦᠬᠦᠢ ᠠᠵᠢᠯᠲᠠᠳ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠰᠢᠯᠭᠠᠯᠲᠠ ᠶᠢᠨ ᠳᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠪᠦᠬᠦᠢ ᠰᠢᠯᠭᠠᠭᠤᠯᠤᠭᠰᠠᠳ ᠢ ᠪᠣᠯ᠂ ᠲᠣᠭᠲᠠᠭᠠᠯ ᠢᠶᠠᠷ ᠦᠨᠳᠦᠰᠦ ᠪᠠᠷᠢᠮᠲᠠ ᠪᠣᠯᠭᠠᠨ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠬᠢᠷᠢ ᠪᠦᠲᠦᠮᠵᠢ᠂ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠡᠯ᠎ᠡ ᠬᠢᠴᠢᠶᠡᠯ ᠲᠥᠷᠥᠯ ᠤᠨ  ᠬᠢᠷᠢ ᠪᠦᠲᠦᠮᠵᠢ ᠪᠠ ᠪᠡᠶ᠎ᠡ ᠶᠢᠨ ᠲᠠᠮᠢᠷ ᠤᠨ ᠠᠰ ᠲᠤᠨᠢ ᠡᠯᠰᠡᠬᠦ ᠰᠣᠶᠣᠯ ᠤᠨ ᠬᠢᠴᠢᠶᠡᠯ ᠤᠨ ᠬᠢᠷᠢ ᠪᠦᠲᠦᠮᠵᠢ ᠶᠢ ᠵᠣᠬᠢᠴᠠᠩᠭᠤᠶ ᠪᠠᠷ ᠰᠢᠢᠳᠪᠦᠷᠢᠯᠡᠬᠦ ᠬᠡᠷᠡᠭᠲᠡᠶ︔ ᠰᠢᠯᠭᠠᠯᠲᠠ ᠶᠢᠨ ᠰᠡᠳᠦᠪ ᠯᠡᠪᠡᠷᠡᠭᠰᠡᠨ᠂ ᠰᠢᠯᠭᠠᠯᠲᠠ ᠶᠢᠨ ᠲᠠᠯᠠᠪᠠᠢ ᠳᠤ ᠭᠡᠮ ᠦᠢᠯᠡᠳᠦᠭᠰᠡᠨ᠂ ᠰᠢᠯᠭᠠᠯᠲᠠ ᠶᠢᠨ ᠬᠠᠭᠤᠳᠠᠰᠤ ᠶᠢ ᠪᠠᠯᠠᠯᠤᠨ ᠵᠠᠰᠠᠭᠰᠠᠨ ᠪᠤᠶᠤ ᠰᠢᠯᠭᠠᠯᠲᠠ ᠶᠢᠨ ᠪᠢᠴᠢᠭ ᠤᠨ ᠲᠡᠮᠳᠡᠭᠯᠡᠯ  ᠬᠢᠭᠰᠡᠨ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠲᠠᠢ ᠠᠵᠢᠯᠲᠠᠤᠨ ᠲᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ︽ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠲᠠᠨ ᠤ ᠰᠢᠳᠭᠡᠯ ᠤᠨ ᠳᠦᠷᠢᠮ︾ ︽ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠰᠢᠳᠬᠡᠯ ᠤᠨ ᠲᠦᠷ ᠬᠡᠷᠡᠭᠵᠢᠭᠦᠯᠬᠦ ᠲᠣᠭᠲᠠᠭᠠᠯ︾᠎ ᠤᠨ ᠬᠤᠯᠪᠣᠭᠳᠠᠯ ᠪᠦᠬᠦᠢ ᠲᠣᠭᠲᠠᠭᠠᠯ ᠢᠶᠠᠷ ᠴᠢᠩᠭ᠎ᠠ ᠰᠢᠢᠳᠪᠦᠷᠢᠯᠡᠬᠦ ᠬᠡᠷᠡᠭᠲᠡᠶ᠃ ᠬᠡᠮ  ᠦᠢᠯᠡᠳᠬᠦ ᠶᠢ ᠵᠣᠬᠢᠶᠠᠨ ᠪᠠᠶᠢᠭᠤᠯᠤᠭᠰᠠᠨ ᠪᠦᠬᠦᠨ᠂ ᠬᠡᠮ ᠦᠢᠯᠡᠳᠬᠦ ᠲᠥᠬᠦᠭᠡᠷᠦᠮᠵᠢ ᠶᠢ ᠬᠤᠳᠠᠯᠳᠤᠭᠠᠯᠠᠭᠰᠠᠨ᠂ ᠰᠢᠯᠭᠠᠯᠲᠠ ᠶᠢᠨ ᠰᠡᠳᠦᠪ ᠢ ᠬᠤᠳᠠᠯᠳᠤᠭᠠᠯᠠᠭᠰᠠᠨ᠂ ᠣᠷᠣᠯᠠᠨ ᠰᠢᠯᠭᠠᠭᠰᠠᠨ ᠵᠡᠷᠭᠡ ᠬᠡᠮ ᠦᠢᠯᠡᠳᠦᠭᠰᠡᠨ ᠵᠢᠴᠢ ᠬᠡᠮ ᠦᠢᠯᠡᠳᠬᠦ ᠶᠢ ᠬᠠᠪᠰᠤᠷᠤᠭᠰᠠᠨ᠂ ᠦᠢᠯᠡ ᠠᠵᠢᠯᠯᠠᠭ᠎ᠠ ᠨᠢ ᠶᠠᠯ᠎ᠠ ᠬᠢᠭᠰᠡᠨ ᠳᠤ ᠬᠦᠷᠦᠭᠰᠡᠨ ᠪᠣᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ ︵ᠵᠠᠰᠠᠪᠤᠷᠢ ᠣᠷᠣᠭᠤᠯᠤᠭᠰᠠᠨ ᠲᠥᠰᠦᠯ ᠶᠢᠰᠦ︶︾ ᠶᠣᠰᠣᠭᠠᠷ ᠰᠢᠢᠳᠪᠦᠷᠢᠯᠡᠬᠦ ᠬᠡᠷᠡᠭᠲᠡᠶ᠃ ᠡᠯ᠎ᠡ ᠰᠢᠯᠭᠠᠯᠲᠠ ᠬᠢᠬᠦ ᠨᠢᠭᠡᠴᠡ ᠨᠦᠭᠦᠳ ᠲᠣᠭᠲᠠᠭᠠᠯ ᠠᠴᠠ ᠵᠥᠷᠢᠴᠡᠭᠰᠡᠨ ᠰᠢᠯᠭᠠᠭᠤᠯᠤᠭᠴᠢ ᠶᠢ ᠪᠠᠶᠢᠴᠠᠭᠠᠨ ᠰᠢᠢᠳᠪᠦᠷᠢᠯᠡᠬᠦ ᠮᠡᠳᠡᠭᠡ ᠵᠠᠩᠭᠢ ᠶᠢ ᠬᠠᠷᠢᠯᠴᠠᠨ ᠮᠡᠳᠡᠭᠳᠡᠬᠦ ᠲᠣᠭᠲᠠᠴᠠ ᠶᠢ ᠪᠠᠶᠢᠭᠤᠯᠵᠤ᠂ ᠲᠣᠭᠲᠠᠭᠠᠯ ᠶᠣᠰᠣᠭᠠᠷ ᠲᠣᠭᠲᠠᠭᠠᠯ ᠠᠴᠠ ᠵᠥᠷᠢᠴᠡᠭᠰᠡᠨ ᠰᠢᠯᠭᠠᠭᠤᠯᠤᠭᠴᠢ ᠶᠢ ᠮᠠᠭᠠᠳᠯᠠᠨ ᠲᠣᠭᠲᠠᠭᠠᠬᠤ ᠶᠢᠨ ᠬᠠᠮᠲᠤ ᠲᠣᠭᠲᠠᠭᠠᠯ ᠠᠴᠠ ᠵᠥᠷᠢᠴᠡᠭᠰᠡᠨ ᠪᠣᠳᠠᠲᠤ ᠬᠡᠷᠡᠭ ᠤᠨ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠶ ᠳᠤᠨᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠲᠤ ᠮᠡᠳᠡᠭᠦᠯᠵᠦ ᠰᠢᠢᠳᠪᠦᠷᠢᠯᠡᠭᠦᠯᠬᠦ ᠬᠡᠷᠡᠭᠲᠡᠶ᠃      ᠳᠠᠭᠠᠯᠳᠤᠭᠤᠯᠤᠯ᠄ 1. ᠰᠢᠯᠭᠠᠯᠲᠠ ᠶᠢᠨ ᠠᠵᠢᠯᠲᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠪᠢᠴᠢᠭ        2 . ᠬᠥᠭᠡᠷᠦᠯᠲᠡ ᠶᠢᠨ ᠡᠮ ᠬᠡᠷᠡᠭᠯᠡᠬᠦ ᠶᠢ ᠡᠰᠡᠷᠭᠦᠴᠡᠬᠦ ᠠᠮᠠᠯᠠᠯᠲᠠ ᠶᠢᠨ ᠪᠢᠴᠢᠭ ᠵᠢᠴᠢ ᠬᠠᠮᠢᠶ᠎ᠠ ᠪᠦᠬᠦᠢ ᠤᠬᠠᠭᠤᠯᠭ᠎ᠠ              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ          2016 ᠣᠨ ᠤ 3 ᠳ᠋ᠤᠭᠠᠷ ᠰᠠᠷ᠎ᠠ ᠶᠢᠨ 28᠎ ᠤ ᠡᠳᠦᠷ      ᠳᠠᠭᠠᠯᠳᠤᠭᠤᠯᠤᠯ 1᠄      2016 ᠣᠨ ᠤ ᠪᠡᠶ᠎ᠡ ᠶᠢᠨ ᠲᠠᠮᠢᠷ ᠤᠨ ᠠᠰ ᠲᠤᠨᠢ ᠡᠯᠰᠡᠬᠦ ᠰᠣᠶᠣᠯ ᠤᠨ ᠰᠢᠯᠭᠠᠯᠲᠠ ᠶᠢᠨ ᠠᠵᠢᠯᠲᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠪᠢᠴᠢᠭ      ᠪᠢ 2016 ᠣᠨ ᠤ ᠪᠡᠶ᠎ᠡ ᠶᠢᠨ ᠲᠠᠮᠢᠷ ᠤᠨ ᠠᠰ ᠲᠤᠨᠢ ᠡᠯᠰᠡᠬᠦ ᠰᠣᠶᠣᠯ ᠤᠨ ᠰᠢᠯᠭᠠᠯᠲᠠ ᠶᠢᠨ _______ ᠰᠢᠯᠭᠠᠭᠤᠯᠬᠤ ᠴᠢᠭ᠋ ᠤᠨ ︵□ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ   □ ᠰᠢᠯᠭᠠᠯᠲᠠ ᠶᠢᠨ ᠬᠠᠭᠤᠳᠠᠰᠤ ᠶᠢ ᠬᠠᠳᠠᠭᠠᠯᠠᠬᠤ   □ ᠰᠢᠯᠭᠠᠯᠲᠠ ᠬᠢᠨᠠᠭᠴᠢ  □ ᠪᠤᠰᠤᠳ︶ ᠠᠵᠢᠯ ᠳᠤ ᠣᠷᠤᠯᠴᠠᠨ᠂ ︽ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠰᠢᠢᠳᠪᠦᠷᠢᠯᠡᠬᠦ ᠠᠷᠭ᠎ᠠ︾ ︵ᠰᠤᠷᠭᠠᠨ ᠬᠥᠮᠦᠵᠢᠯ ᠤᠨ ᠶᠠᠮᠤᠨ ᠤ 33 ᠳ᠋ᠤᠭᠠᠷ ᠵᠠᠷᠯᠢᠭ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠨᠢᠭᠡᠳᠦᠯᠲᠡᠶ ᠰᠢᠯᠭᠠᠯᠲᠠ ᠶᠢᠨ ᠰᠢᠯᠭᠠᠬᠤ ᠶᠠᠪᠤᠴᠠ ︵ᠲᠤᠷᠰᠢᠨ ᠬᠡᠷᠡᠭᠵᠢᠭᠦᠯᠬᠦ︶︾ ︽ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠡᠮ ᠦᠢᠯᠡᠳᠬᠦ ᠠᠷᠭ᠎ᠠ ᠪᠠᠷᠢᠯ ᠵᠢᠴᠢ ᠰᠡᠷᠭᠡᠶᠢᠯᠡᠯᠲᠡ ᠶᠢᠨ ᠰᠤᠷᠬᠤ ᠪᠢᠴᠢᠭ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠬᠢᠨᠠᠭᠴᠢᠳ ᠤᠨ ᠲᠦᠷ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠬᠢᠨᠠᠭᠴᠢᠳ ᠢ ᠱᠠᠩᠨᠠᠨ ᠰᠢᠳᠬᠡᠬᠦ ᠲᠦᠷ ᠬᠡᠷᠡᠭᠵᠢᠭᠦᠯᠬᠦ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠨᠢᠭᠡᠳᠦᠯᠲᠡᠶ ᠰᠢᠯᠭᠠᠯᠲᠠ ᠶᠢᠨ ᠲᠠᠯᠠᠪᠠᠢ ᠶᠢ ᠪᠠᠶᠢᠷᠢᠯᠠᠭᠤᠯᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠰᠠᠨᠠᠮᠰᠠᠷ ᠦᠭᠡᠢ ᠬᠡᠷᠡᠭ ᠢ ᠰᠢᠢᠳᠪᠦᠷᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠨᠢᠭᠡᠳᠦᠯᠲᠡᠶ ᠰᠢᠯᠭᠠᠯᠲᠠ ᠶᠢᠨ ᠬᠠᠭᠤᠳᠠᠰᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠰᠢᠯᠭᠠᠯᠲᠠ ᠶᠢᠨ ᠴᠢᠭ᠋ ᠨᠢ ᠪᠣᠳᠠᠲᠠᠢ ᠪᠠᠶᠢᠳᠠᠯ ᠢ ᠦᠨᠳᠦᠰᠦᠯᠡᠨ ᠲᠣᠭᠲᠠᠭᠠᠭᠰᠠᠨ ᠬᠠᠮᠢᠶ᠎ᠠ ᠪᠦᠬᠦᠢ ᠨᠠᠷᠢᠨ ᠳᠦᠷᠢᠮ ᠢ ᠬᠠᠮᠲᠤ ᠳᠤᠨᠢ ᠵᠢᠭᠰᠠᠭᠠᠵᠤ ᠪᠣᠯᠤᠨ᠎ᠠ︶᠎ ᠶᠢ ᠨᠢᠭᠡᠨᠲᠡ ᠰᠤᠷᠤᠯᠴᠠᠪᠠ᠃      ᠪᠢ ᠪᠡᠶ᠎ᠡ ᠶᠢᠨ ᠲᠠᠮᠢᠷ ᠤᠨ ᠠᠰ ᠲᠤᠨᠢ ᠡᠯᠰᠡᠬᠦ ᠰᠤᠶᠤᠯ ᠤᠨ ᠰᠢᠯᠭᠠᠯᠲᠠ ᠶᠢᠨ ᠬᠠᠭᠤᠳᠠᠰᠤ ︵ᠪᠡᠯᠡᠳᠬᠡᠯ ᠬᠠᠭᠤᠳᠠᠰᠤ ᠪᠠᠭᠲᠠᠨ᠎ᠠ︶᠎ ᠶᠢᠨ ᠪᠢᠲᠡᠭᠦᠮᠵᠢ ᠶᠢ ᠨᠡᠬᠡᠬᠡᠬᠦ ᠪᠠ ᠬᠡᠷᠡᠭᠯᠡᠵᠦ ᠳᠠᠭᠤᠰᠬᠤ ᠠᠴᠠ ᠡᠮᠦᠨ᠎ᠡ ᠪᠣᠯ ᠤᠯᠤᠰ ᠤᠨ ᠲᠡᠰᠦ ᠨᠢᠭᠤᠴᠠ ᠲᠡᠰ ᠤᠨ ᠵᠦᠢᠯ ᠪᠣᠯᠬᠤ︔ ᠰᠢᠯᠭᠠᠭᠤᠯᠤᠭᠰᠠᠳ ᠤᠨ ᠬᠠᠷᠢᠭᠤᠯᠲᠠ ᠶᠢᠨ ᠬᠠᠭᠤᠳᠠᠰᠤ ᠨᠢ ᠦᠷ᠎ᠡ ᠳ᠋ᠦᠩ ᠢ ᠨᠡᠶᠢᠲᠡᠯᠡᠬᠦ ᠠᠴᠠ ᠡᠮᠦᠨ᠎ᠡ ᠪᠣᠯ ᠤᠯᠤᠰ ᠤᠨ ᠨᠢᠭᠤᠴᠠ ᠲᠡᠰ ᠤᠨ ᠵᠦᠢᠯ ᠪᠣᠯᠬᠤ ᠶᠢ ᠨᠢᠭᠡᠨᠲᠡ ᠮᠡᠳᠡᠪᠡ᠃ ᠪᠢ ᠤᠬᠠᠮᠰᠠᠷ ᠠᠴᠠ ᠪᠠᠨ ᠲᠣᠭᠲᠠᠭᠠᠯ ᠢ ᠬᠡᠷᠡᠭᠵᠢᠭᠦᠯᠵᠦ᠂ ᠰᠠᠬᠢᠯᠭ᠎ᠠ ᠪᠠᠲᠤ ᠶᠢ ᠵᠢᠷᠤᠮᠯᠠᠨ᠂ ᠬᠠᠷᠢᠭᠤᠴᠠᠯᠭ᠎ᠠ ᠪᠠᠨ ᠭᠦᠢᠴᠡᠳᠬᠡᠬᠦ ᠪᠥᠭᠡᠳ ᠲᠥᠪ ᠴᠢᠩᠭ᠎ᠠ ᠪᠠᠷ ᠠᠮᠠᠯᠳᠠᠶ᠎ᠠ᠄      1. ᠮᠢᠨᠦ ᠣᠶᠢᠷ᠎ᠠ ᠲᠥᠷᠥᠯ ᠰᠠᠳᠤᠨ ᠲᠤᠰ ᠤᠳᠠᠭᠠᠨ ᠤ ᠰᠢᠯᠭᠠᠯᠲᠠ ᠳᠤ ᠣᠷᠤᠯᠴᠠᠭᠰᠠᠨ ᠦᠭᠡᠢ︔      2. ᠪᠢ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠶᠢ ᠤᠬᠠᠮᠰᠠᠷ ᠠᠴᠠ ᠪᠠᠨ ᠵᠢᠷᠤᠮᠯᠠᠨ ᠰᠠᠬᠢᠨ᠎ᠠ︔      3. ᠪᠢ ᠰᠢᠯᠭᠠᠬᠤ ᠶᠠᠪᠤᠳᠠᠯ ᠤᠨ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠵᠢᠷᠤᠮᠯᠠᠵᠦ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠎ᠡ︔      4. ᠪᠢ ᠬᠡᠷᠪᠡ ᠠᠮᠤᠷ ᠲᠦᠪᠰᠢᠨ ᠤ ᠬᠠᠷᠢᠭᠤᠴᠠᠯᠭ᠎ᠠ ᠶᠢᠨ ᠪᠢᠴᠢᠭ ᠤᠨ ᠲᠣᠭᠲᠠᠭᠠᠯ ᠢ ᠵᠦᠷᠢᠴᠡᠪᠡᠯ᠂ ᠬᠠᠮᠢᠶ᠎ᠠ ᠪᠦᠬᠦᠢ ᠰᠢᠳᠭᠡᠯ ᠢ ᠳᠤᠷᠠᠲᠠᠶ᠎ᠠ ᠬᠦᠯᠢᠶᠡᠨ᠎ᠡ︔      ︵ᠰᠢᠯᠭᠠᠯᠲᠠ ᠶᠢᠨ ᠠᠵᠢᠯᠲᠠᠨ ᠤ ᠡᠭᠦᠷᠭᠡ ᠶᠢᠨ ᠬᠤᠪᠢᠶᠠᠷᠢᠯᠠᠯ ᠢ ᠦᠨᠳᠦᠰᠦᠯᠡᠨ᠂ ᠰᠢᠯᠭᠠᠯᠲᠠ ᠶᠢᠨ ᠴᠢᠭ᠋ ᠨᠢ ᠳᠡᠭᠡᠷᠡᠬᠢ ᠵᠦᠢᠯ ᠵᠣᠪᠤᠷᠰ ᠢ ᠥᠪᠡᠰᠦᠪᠡᠨ ᠨᠡᠮᠡᠵᠦ ᠬᠠᠰᠤᠵᠤ ᠪᠣᠯᠤᠨ᠎ᠠ︶      ᠲᠤᠰ ᠬᠥᠮᠦᠨ ᠤ ᠭᠠᠷ ᠤᠨ ᠦᠰᠦᠭ᠄2016 ᠣᠨ ᠤ 4 ᠳ᠋ᠦ᠋ᠭᠡᠷ ᠰᠠᠷ᠎ᠠ ᠶᠢᠨ ___ ᠡᠳᠦᠷ      ᠳᠠᠭᠠᠯᠳᠤᠭᠤᠯᠤᠯ 2᠄      ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ᠂ ᠳᠡᠭᠡᠳᠦ ᠬᠢᠷᠢ ᠲᠦᠪᠰᠢᠨ ᠪᠦᠬᠦᠢ ᠲᠠᠮᠢᠷᠴᠢᠨ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠮᠠᠩᠯᠠᠶᠢᠯᠠᠭᠴᠢ ᠰᠢᠯᠭᠠᠭᠤᠯᠤᠭᠰᠠᠳ      ᠬᠥᠭᠡᠷᠦᠯᠲᠡ ᠶᠢᠨ ᠡᠮ ᠬᠡᠷᠡᠭᠯᠡᠬᠦ ᠶᠢ ᠡᠰᠡᠷᠭᠦᠴᠡᠬᠦ ᠠᠮᠠᠯᠠᠯᠲᠠ ᠶᠢᠨ ᠪᠢᠴᠢᠭ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号