ᠪᠦᠬᠦ ᠣᠷᠣᠨ ᠤ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠤᠨ ᠮᠡᠳᠡᠭᠡ ᠵᠠᠩᠬᠢᠵᠢᠯᠲᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/4/7
     4 ᠳ᠋ᠤᠭᠡᠷ ᠰᠠᠷ᠎ᠠ ᠶᠢᠨ 1᠎ ᠤ ᠡᠳᠦᠷ᠂ ᠨᠢᠭᠡ ᠡᠳᠦᠷ ᠶᠠᠪᠤᠭᠳᠠᠬᠤ ᠪᠦᠬᠦ ᠣᠷᠣᠨ ᠤ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠤᠨ ᠰᠢᠰᠲ᠋ᠧᠮ ᠤᠨ ᠮᠡᠳᠡᠭᠡ ᠵᠠᠩᠭᠢᠵᠢᠯᠲᠠ ᠶᠢᠨ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠪᠠ᠃ ᠬᠤᠷᠠᠯ ᠨᠢ ᠲᠢᠩᠬᠢᠮ ᠤᠨ ᠮᠡᠳᠡᠭᠡ ᠵᠠᠩᠭᠢᠵᠢᠯᠲᠠ ᠶᠢᠨ ︽ᠭᠤᠷᠪᠠᠨ ᠠᠯᠬᠤᠮ ᠢᠶᠠᠷ ᠶᠠᠪᠤᠬᠤ︾ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠤᠯᠤᠨ ︽ᠲᠠᠪᠤᠨ ᠨᠢᠭᠡ︾ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠬᠠᠷᠠᠯᠲᠠ ᠲᠠᠢ ᠤᠶᠠᠯᠳᠤᠭᠤᠯᠤᠨ᠂ 2016 ᠣᠨ ᠤ ᠪᠦᠬᠦ ᠣᠷᠣᠨ ᠤ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠢ ᠮᠡᠳᠡᠭᠡ ᠵᠠᠩᠭᠢᠵᠢᠭᠤᠯᠬᠤ ᠪᠥᠳᠥᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠪᠠ ᠳᠤᠬᠢᠷᠠᠭᠤᠯᠤᠯᠳᠠ ᠬᠢᠭᠰᠡᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠤᠨ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠸᠧᠨ ᠵᠢᠶᠠᠨ ᠬᠤᠸᠠ ᠬᠤᠷᠠᠯ ᠡᠷᠬᠢᠯᠡᠵᠦ᠂ ᠪᠥᠬᠦ ᠣᠷᠣᠨ ᠤ ᠡᠯ᠎ᠡ ᠠᠶᠢᠮᠠᠭ ᠬᠤᠳᠠ ᠶᠢᠨ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠤᠨ ᠲᠣᠪᠴᠢᠶ᠎ᠠ᠂ ᠲᠢᠩᠬᠢᠮ ᠤᠨ ᠡᠯ᠎ᠡ ᠰᠢᠭᠤᠳ ᠬᠠᠷᠢᠶ᠎ᠠ ᠨᠢᠭᠡᠴᠡ ᠪᠣᠯᠤᠨ ᠲᠢᠩᠬᠢᠮ ᠤᠨ ᠪᠠᠶᠢᠭᠤᠯᠭ᠎ᠠ ᠨᠤᠭᠤᠳ ᠤᠨ ᠭᠠᠵᠠᠷ ᠬᠡᠷ ᠤᠨ ᠠᠵᠢᠯᠲᠠᠳ ᠬᠤᠷᠠᠯ ᠳᠤ ᠤᠷᠤᠯᠴᠠᠪᠠ᠃      ᠬᠤᠷᠠᠯ ᠳᠡᠭᠡᠷ᠎ᠡ᠂ ᠡᠯ᠎ᠡ ᠨᠢᠭᠡᠴᠡ ᠮᠡᠳᠡᠭᠡ ᠵᠠᠩᠭᠢᠵᠢᠯᠲᠠ ᠶᠢᠨ ᠠᠵᠢᠯ ᠤᠨ ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠪᠤᠯᠤᠨ ᠳᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠪᠠᠨ ᠬᠠᠷᠢᠭᠤ ᠮᠡᠳᠡᠭᠦᠯᠦᠭᠰᠡᠨ ᠤ ᠬᠠᠮᠲᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠤᠯᠠᠨ ᠱᠠᠲᠤ ᠶᠢ ᠨᠢᠭᠡ ᠴᠤᠭᠴᠠᠵᠢᠭᠤᠯᠬᠤ ᠡᠯᠧᠺᠲᠷᠤᠨ ᠵᠠᠰᠠᠭ ᠤᠨ ᠶᠠᠪᠤᠳᠠᠯ ᠤᠨ ᠲᠠᠪᠴᠠᠩ ᠤᠨ ᠪᠠᠶᠢᠭᠤᠯᠤᠯᠲᠠ ᠶᠢᠨ ᠲᠥᠰᠦᠯ︾  ᠎ ᠲᠠᠢ ᠤᠶᠠᠯᠳᠤᠭᠤᠯᠤᠨ᠂ ᠪᠦᠲᠦᠭᠡᠨ ᠪᠠᠶᠢᠭᠤᠯᠤᠯᠲᠠ ᠶᠢᠨ ᠬᠠᠷᠠᠯᠲᠠ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠂ ᠠᠵᠢᠯ ᠤᠨ ᠪᠠᠶᠢᠷᠢᠯᠠᠭᠤᠯᠤᠯᠲᠠ᠂ ᠪᠦᠳᠦᠬᠡᠨ ᠪᠠᠶᠢᠭᠤᠯᠤᠯᠲᠠ ᠶᠢᠨ ᠵᠠᠭᠪᠤᠷᠰᠢᠯ ᠵᠡᠷᠭᠡ ᠲᠠᠯ᠎ᠠ ᠪᠠᠷ ᠪᠣᠳᠠᠲᠠᠶ ᠰᠠᠨᠠᠯ ᠰᠠᠨᠠᠭᠤᠯᠭ᠎ᠠ ᠳᠤᠷᠠᠳᠪᠠ᠃ ᠲᠢᠩᠬᠢᠮ ᠤᠨ ᠮᠡᠳᠡᠭᠡ ᠵᠠᠩᠭᠢ ᠶᠢᠨ ᠠᠯᠪᠠᠨ ᠭᠡᠷ ᠠᠴᠠ ᠬᠠᠮᠢᠶ᠎ᠠ ᠪᠦᠬᠦᠢ ᠠᠰᠠᠭᠤᠳᠠᠯ ᠤᠨ ᠲᠤᠬᠠᠶ ᠨᠠᠷᠢᠨ ᠲᠣᠳᠣᠷᠬᠠᠶ ᠬᠠᠷᠢᠭᠤᠯᠲᠠ ᠦᠭᠭᠦᠭᠰᠡᠨ ᠤ ᠬᠠᠮᠲᠤ᠂ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠤᠨ ᠮᠡᠳᠡᠭᠡ ᠵᠠᠩᠬᠢᠵᠢᠯᠲᠠ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠳᠤᠮᠳᠠᠬᠢ ᠪᠣᠳᠠᠲᠠᠶ ᠪᠠᠶᠢᠳᠠᠯ ᠢ ᠭᠦᠨᠵᠡᠭᠡᠶ ᠶᠠᠷᠢᠯᠴᠠᠭᠰᠠᠨ ᠪᠠᠶᠢᠨ᠎ᠠ᠃ ᠡᠨᠡ ᠬᠤᠭᠤᠷᠤᠨᠳᠤ ᠪᠠᠰᠠ ᠪᠦᠬᠦ ᠣᠷᠣᠨ ᠤ ᠤᠯᠠᠨ ᠱᠠᠲᠤ ᠶᠢ ᠨᠢᠭᠡ ᠴᠤᠭᠴᠠᠵᠢᠭᠤᠯᠬᠤ ᠡᠯᠧᠺᠲᠷᠤᠨ ᠵᠠᠰᠠᠭ ᠤᠨ ᠶᠠᠪᠤᠳᠠᠯ ᠤᠨ ᠲᠥᠰᠦᠯ ᠤᠨ ᠲᠠᠶᠢᠯᠤᠮᠵᠢ ᠶᠢ ᠰᠤᠨᠤᠰᠴᠤ᠂ ᠱᠠᠲᠤ ᠦᠶ᠎ᠡ ᠶᠢᠨ ︽ᠵᠢᠷᠤᠭᠴᠢᠯᠠᠭᠰᠠᠨ︾ ᠦᠷ᠎ᠡ ᠪᠦᠲᠦᠭᠡᠯ᠂ ᠭᠤᠷᠪᠠᠨ ᠬᠡᠮᠵᠢᠯᠳᠦ ᠲᠠᠪᠴᠠᠩ ᠪᠠ OA ᠠᠤᠲ᠋ᠤᠴᠢᠯᠠᠭᠰᠠᠨ ᠠᠯᠪᠠᠨ ᠭᠡᠷ ᠤᠨ ᠦᠷ᠎ᠡ ᠪᠦᠲᠦᠭᠡᠯ ᠤᠨ ᠦᠵᠡᠭᠦᠯᠦᠯᠭᠡ ᠶᠢ ᠰᠤᠨᠢᠷᠬᠠᠪᠠ᠃ ᠳᠡᠳ᠋ ᠲᠣᠭᠤᠷᠢᠨ ᠪᠠᠶᠢᠴᠠᠭᠠᠭᠴᠢ ᠸᠧᠨ ᠵᠢᠶᠠᠨ ᠬᠤᠸᠠ ᠵᠢᠭᠠᠵᠤ ᠭᠠᠷᠭᠠᠭᠰᠠᠨ ᠨᠢ᠂ ᠮᠡᠳᠡᠭᠡ ᠵᠠᠩᠬᠢᠵᠢᠯᠲᠠ ᠶᠢᠨ ᠠᠵᠢᠯ ᠤᠨ ᠦᠵᠡᠯ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠡᠳᠡᠭᠡ ᠵᠠᠩᠭᠢᠵᠢᠯᠲᠠ ᠶᠢᠨ ᠠᠵᠢᠯ ᠤᠨ ᠪᠠᠶᠢᠷᠢᠰᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠠᠵᠢᠯ ᠢᠶᠠᠨ ᠦᠨᠡᠨᠬᠦ ᠨᠠᠶᠢᠳᠠᠪᠤᠷᠢᠵᠢᠭᠤᠯᠬᠤ ᠬᠡᠷᠡᠭᠲᠠᠢ᠂ ᠣᠨᠴᠠᠭᠠᠶᠢᠯᠠᠨ ︽ᠲᠠᠪᠤᠨ ᠵᠦᠢᠯ︾᠎ ᠢ ᠴᠢᠬᠤᠯᠠᠴᠢᠯᠠᠪᠠ᠄ ᠨᠢᠭᠡ ᠳᠤ ᠮᠡᠳᠡᠭᠡ ᠵᠠᠩᠭᠢᠵᠢᠯᠲᠠ ᠶᠢᠨ ᠪᠠᠶᠢᠭᠤᠯᠤᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ︔ ᠬᠤᠶᠠᠷ ᠲᠤ ᠮᠡᠳᠡᠭᠡ ᠵᠠᠩᠭᠢᠵᠢᠯᠲᠠ ᠶᠢᠨ ᠲᠤᠰᠬᠠᠶ ᠮᠡᠷᠭᠡᠵᠢᠯᠲᠡᠨ ᠢ ᠰᠢᠯᠢᠳᠡᠭᠴᠢᠯᠡᠨ ᠪᠦᠷᠢᠨ ᠬᠦᠢᠴᠡᠳ ᠲᠤᠬᠢᠷᠠᠭᠤᠯᠬᠤ ᠬᠡᠷᠡᠭᠲᠠᠢ︔ ᠭᠤᠷᠪᠠ ᠳᠤ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠶ︔ ᠲᠦᠷᠪᠡ ᠳᠤ ᠪᠣᠳᠠᠲᠠᠶ ᠠᠵᠢᠯ ᠤᠨ ᠲᠥᠰᠦᠯ ᠎ ᠲᠠᠢ ᠪᠠᠶᠢᠬᠤ ᠭᠡᠷᠡᠭᠲᠠᠢ︔ ᠲᠠᠪᠤ ᠳᠤ ᠪᠣᠳᠠᠲᠠᠶ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠲᠠᠢ ᠪᠠᠶᠢᠬᠤ ᠬᠡᠷᠡᠭᠲᠡᠶ ᠬᠡᠪᠡ᠃      ᠳᠡᠳ᠋ ᠲᠣᠭᠤᠷᠢᠨ ᠪᠠᠶᠢᠴᠠᠭᠠᠭᠴᠢ ᠸᠧᠨ ᠵᠢᠶᠠᠨ ᠬᠤᠸᠠ ᠤᠢᠢᠷ᠎ᠠ ᠶᠢᠨ ᠵᠢᠯ ᠤᠳ ᠤᠨ ᠲᠢᠩᠬᠢᠮ ᠤᠨ ᠮᠡᠳᠡᠭᠡ  ᠵᠠᠩᠬᠢᠵᠢᠯᠲᠠ ᠶᠢᠨ ᠪᠥᠳᠥᠭᠡᠨ ᠪᠠᠶᠢᠭᠤᠯᠤᠯᠲᠠ ᠳᠤ ᠣᠯᠤᠭᠰᠠᠨ ᠠᠮᠵᠢᠯᠲᠠ ᠶᠢ ᠨᠤᠲᠠᠯᠠᠭᠰᠠᠨ ᠤ ᠬᠠᠮᠲᠤ᠂ ᠤᠯᠤᠰ ᠤᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠬᠠᠨᠳᠤᠰᠢ ᠪᠤᠯᠤᠨ 2016 ᠣᠨ ᠤ ᠪᠦᠬᠦ ᠣᠷᠣᠨ ᠤ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠤᠶᠠᠯᠳᠤᠭᠤᠯᠤᠨ᠂ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠤᠨ ᠲᠤᠭ᠎ᠠ ᠪᠠᠷᠢᠮᠲᠠ ᠶᠢ ᠡᠮᠬᠢᠯᠡᠨ ᠨᠡᠶᠢᠯᠡᠬᠦᠯᠬᠦ᠂ ︽ ᠲᠤᠤᠷ ᠰᠦᠯᠵᠢᠶ᠎ᠡ︾᠎ ᠤᠨ ᠥᠭᠡᠷᠡᠴᠢᠯᠡᠯᠲᠡ ᠶᠢ ᠲᠡᠰ ᠳᠡᠪᠰᠢᠭᠦᠯᠬᠦ᠂ ᠤᠯᠠᠨ ᠱᠠᠲᠤ ᠶᠢ ᠨᠢᠭᠡ ᠴᠤᠭᠴᠠᠵᠢᠭᠤᠯᠬᠤ ᠡᠯᠧᠺᠲᠷᠤᠨ ᠵᠠᠰᠠᠭ ᠤᠨ ᠶᠠᠪᠤᠳᠠᠯ ᠤᠨ ᠲᠠᠪᠴᠠᠩ ᠤᠨ ᠪᠠᠶᠢᠭᠤᠯᠤᠯᠲᠠ᠂ ᠦᠨᠳᠦᠰᠦᠨ ᠱᠠᠲᠤᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠬᠢ ᠡᠭᠦᠷᠭᠡ ᠪᠤᠯᠤᠨ ᠱᠠᠭᠠᠷᠳᠠᠯᠭ᠎ᠠ ᠶᠢ ᠳᠤᠷᠠᠳᠤᠨ ᠭᠠᠷᠭᠠᠪᠠ᠃      ᠡᠨᠡ ᠤᠳᠠᠭᠠᠨ ᠤ ᠬᠤᠷᠠᠯ ᠨᠢ ᠰᠡᠳᠬᠢᠴᠡ ᠪᠠᠨ ᠨᠢᠭᠡᠳᠦᠬᠦᠯᠵᠤ᠂ 2016 ᠣᠨ ᠤ ᠪᠦᠬᠦ ᠣᠷᠣᠨ ᠤ ᠮᠡᠳᠡᠭᠡ ᠵᠠᠩᠭᠢᠵᠢᠯᠲᠠ ᠶᠢᠨ ᠪᠦᠳᠦᠭᠡᠨ ᠪᠠᠶᠢᠭᠤᠯᠤᠯᠲᠠ ᠶᠢᠨ ᠬᠠᠷᠠᠯᠲᠠ ᠪᠤᠯᠤᠨ ᠡᠭᠦᠷᠭᠡ ᠶᠢ ᠤᠯᠠᠮ ᠨᠢᠭᠡ ᠠᠯᠬᠤᠮ ᠲᠤᠲᠤᠷᠬᠠᠶᠢᠯᠠᠵᠤ᠂ ᠠᠵᠢᠯ ᠤᠨ ᠲᠤᠷᠰᠢᠯᠭ᠎ᠠ ᠪᠠᠨ ᠰᠣᠯᠢᠯᠴᠠᠵᠤ᠂ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠤᠨ ᠮᠡᠳᠡᠭᠡ ᠵᠠᠩᠬᠢᠵᠢᠯᠲᠠ ᠶᠢᠨ ᠠᠵᠢᠯ ᠢ ᠰᠠᠶᠢᠲᠤᠷ ᠪᠡᠶᠡᠯᠡᠬᠦᠯᠬᠦ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号