ᠷᠢᠦ᠋ ᠳ᠋ᠢ ᠿᠤᠨ᠋ᠸᠢᠢᠷᠦ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠤ ᠨᠢᠳᠤᠷᠭᠠᠨ ᠲᠡᠮᠡᠴᠡᠭᠡᠨ ᠤ ᠠᠽᠢᠶ᠎ᠠ ᠲᠢᠪ ᠪᠣᠯᠤᠨ ᠶᠡᠭᠡ ᠳᠠᠯᠠᠶ ᠶᠢᠨ ᠲᠢᠪ ᠤᠨ ᠣᠷᠣᠨ ᠤ ᠬᠢᠷᠢ ᠬᠡᠮ ᠤᠨ ᠤᠷᠤᠯᠳᠤᠭᠠᠨ ᠳᠤ᠄ ᠮᠠᠨ ᠤ ᠣᠷᠣᠨ ᠤ ᠲᠠᠮᠢᠷᠴᠢᠨ ᠯᠢ ᠴᠢᠶᠠᠨ ᠲᠡᠷᠢᠭᠦᠯᠡᠪᠡ
ᠨᠡᠶᠢᠲᠡᠯᠡᠭᠰᠡᠨ ᠴᠠᠭ᠄
2016/4/7
               
        ᠯᠢ ᠴᠢᠶᠠᠨ ︵ᠵᠡᠭᠦᠨᠳᠡᠬᠢ︶ ᠪᠣᠯᠤᠨ ᠺᠠᠽᠠᠭᠰᠲ᠋ᠠᠨ ᠤ ᠲᠠᠮᠢᠷᠴᠢᠨ ᠳ᠋ᠡ ᠯᠢ ᠵᠢᠶ᠋ᠨ ᠤᠷᠤᠯᠳᠤᠵᠤ ᠪᠠᠶᠢᠭ᠎ᠠ ᠎ ᠨᠢ            4 ᠳ᠋ᠦ᠋ᠭᠡᠷ ᠰᠠᠷ᠎ᠠ ᠶᠢᠨ 2᠎ ᠤᠨ ᠡᠳᠦᠷ᠂ ᠾᠧᠪᠸᠢ ᠮᠤᠵᠢ ᠶᠢᠨ ᠴᠢᠶᠠᠨ ᠠᠨ ᠬᠤᠲᠠ ᠶᠢᠨ ᠣᠯᠧᠮᠫᠢᠺ ᠤᠨ ᠪᠡᠶ᠎ᠡ ᠲᠠᠮᠢᠷ ᠤᠨ ᠴᠤᠭᠯᠠᠭᠠᠨ ᠤ ᠲᠥᠪ ᠲᠤ ᠶᠠᠪᠤᠭᠳᠠᠭᠰᠠᠨ 2016 ᠣᠨ ᠤ ᠷᠢᠦ᠋ ᠳ᠋ᠢ ᠿᠤᠨ᠋ᠸᠢᠢᠷᠦ᠋ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠨᠢᠳᠤᠷᠭᠠᠨ ᠲᠡᠮᠡᠴᠡᠭᠡᠨ ᠤ ᠲᠥᠷᠥᠯ ᠵᠦᠢᠯ ᠤᠨ ᠠᠽᠢᠶ᠎ᠠ ᠲᠢᠪ ᠪᠣᠯᠤᠨ ᠶᠡᠭᠡ ᠳᠠᠯᠠᠶ ᠶᠢᠨ ᠲᠢᠪ ᠤᠨ ᠣᠷᠣᠨ ᠤ ᠬᠢᠷᠢ ᠬᠡᠮ ᠤᠨ ᠤᠷᠤᠯᠳᠤᠭᠠᠨ ᠤ ᠡᠮᠡᠭᠲᠡᠶ ᠶᠢᠨ 69 -75 ᠺᠢᠯᠣᠭ᠍ᠷᠠᠮ ᠤᠨ ᠰᠢᠢᠳᠪᠦᠷᠢᠲᠦ  ᠲᠡᠮᠡᠴᠡᠭᠡᠨ ᠳᠤ᠂ ᠮᠠᠨ ᠤ ᠣᠷᠣᠨ ᠤ ᠲᠠᠮᠢᠷᠴᠢᠨ ᠯᠢ ᠴᠢᠶᠠᠨ 3᠄ 0᠎ ᠢᠶᠠᠷ ᠺᠠᠽᠠᠬᠰᠲ᠋ᠠᠠ ᠤ ᠲᠠᠮᠢᠷᠴᠢᠨ ᠳ᠋ᠡ ᠯᠢ ᠵᠢᠶ᠋ᠨ ᠶᠢ ᠢᠯᠠᠵᠤ ᠲᠡᠷᠢᠭᠦᠯᠡᠪᠡ᠃ ᠯᠢ ᠴᠢᠶᠠᠨ ᠨᠢᠭᠡᠨᠲᠡ ᠷᠢᠦ᠋ ᠳ᠋ᠢ ᠿᠤᠨ᠋ᠸᠢᠢᠷᠦ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠤ ᠬᠠᠭᠠᠰ ᠰᠢᠢᠳᠪᠦᠷᠢᠲᠦ ᠤᠷᠤᠯᠳᠤᠭᠠᠨ ᠤ ᠲᠠᠯᠠᠪᠤᠷ ᠲᠤ ᠣᠷᠣᠬᠤ ᠪᠢᠯᠧᠲ ᠢᠶᠠᠨ ᠣᠯᠣᠭᠰᠠᠨ ᠪᠠᠶᠢᠪᠠ᠃      ᠣᠶᠢᠯᠠᠭᠠᠭᠰᠠᠨ ᠢᠶᠠᠷ᠂ ᠣᠳᠣᠬᠠᠨ ᠪᠣᠯᠲᠠᠯ᠎ᠠ ᠮᠠᠨ ᠤ ᠤᠯᠤᠰ ᠷᠢᠦ᠋ ᠳ᠋ᠢ ᠿᠤᠨ᠋ᠸᠢᠢᠷᠦ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠤ ᠨᠢᠳᠤᠷᠭᠠᠨ ᠲᠡᠮᠡᠴᠡᠭᠡᠨ ᠳᠤ ᠣᠷᠣᠯᠴᠠᠬᠤ 10 ᠪᠢᠯᠧᠲ ᠢ ᠨᠢᠭᠡᠨᠲᠡ ᠣᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号