| ᠡᠨᠡ ᠵᠢᠯ ᠤᠨ 4 ᠳ᠋ᠤᠭᠡᠷ ᠰᠠᠷ᠎ᠠ ᠪᠤᠯ ᠪᠦᠬᠦ ᠤᠯᠤᠰ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ 25 | ᠳᠠᠬᠢ ᠰᠠᠷ᠎ᠠ ᠪᠤᠯᠤᠨ᠎ᠠ᠃ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠭᠡᠷ ᠠᠴᠠ ︽ᠡᠵᠡᠩᠨᠡᠯᠲᠡ ᠶᠢᠨ ᠭᠠᠶᠢᠯᠢ ᠶᠢ ᠥᠷᠲᠡᠭ ᠤᠨ ᠨᠡᠮᠡᠭᠳᠡᠯ ᠤᠨ ᠭᠠᠶᠢᠯᠢ ᠪᠤᠯᠭᠠᠨ | ᠦᠭᠡᠷᠡᠴᠢᠯᠡᠬᠦ ᠲᠤᠷᠰᠢᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠨᠭ᠍ᠭᠠᠯᠭ᠎ᠠ ᠶᠢᠨ ᠲᠠᠯ᠎ᠠ ᠶᠢᠨ | ᠥᠭᠡᠷᠡᠴᠢᠯᠡᠯᠲᠡ ᠶᠢ ᠳᠡᠮᠵᠡᠵᠡᠭᠡᠶᠡ︾ ᠬᠡᠰᠡᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠤ᠂ ᠭᠤᠣᠯᠳᠠᠯᠭ᠎ᠠ ᠲᠠᠢ | ᠭᠠᠶᠢᠯᠢ ᠲᠠᠲᠠᠪᠤᠷᠢ ᠶᠢᠨ ᠠᠵᠢᠯ ᠤᠨ ᠲᠤᠬᠢᠷᠠᠭᠤᠯᠤᠯᠲᠠ ᠶᠢ ᠨᠡᠶᠢᠲᠡᠯᠡᠵᠦ᠂ ᠭᠠᠶᠢᠯᠢ ᠲᠤᠰᠢᠶᠠᠭᠴᠢ ᠪᠤᠯᠤᠨ ᠨᠡᠶᠢᠭᠡᠮ | ᠨᠡᠶᠢᠲᠡ ᠶᠢᠨ ᠠᠩᠬᠠᠷᠴᠤ ᠪᠠᠶᠢᠭ᠎ᠠ ᠭᠠᠶᠢᠯᠢ ᠲᠠᠲᠠᠪᠤᠷᠢ ᠶᠢᠨ ᠬᠠᠯᠠᠮᠰᠢᠯ ᠠᠰᠠᠭᠤᠳᠠᠯ ᠳᠤ ᠬᠠᠷᠢᠭᠤᠯᠲᠠ ᠦᠭᠴᠦ᠂ | ᠥᠪᠥᠷ ᠮᠣᠩᠭᠤᠯ ᠣᠷᠣᠨ ᠤ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ 25 ᠳᠠᠬᠢ ᠰᠠᠷ᠎ᠠ ᠶᠢᠨ ᠠᠵᠢᠯᠯᠠᠭ᠎ᠠ ᠶᠢ | ᠡᠬᠢᠯᠡᠭᠦᠯᠪᠡ᠃ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠠᠴᠠ ᠡᠵᠡᠩᠨᠡᠯᠲᠡ ᠶᠢᠨ ᠭᠠᠶᠢᠯᠢ ᠶᠢ ᠥᠷᠲᠡᠭ ᠤᠨ ᠨᠡᠮᠡᠭᠳᠡᠯ ᠤᠨ ᠭᠠᠶᠢᠯᠢ ᠪᠤᠯᠭᠠᠨ | ᠦᠭᠡᠷᠡᠴᠢᠯᠡᠬᠦ ᠶᠢ ᠪᠦᠬᠦ ᠲᠠᠯ᠎ᠠ ᠪᠠᠷ ᠬᠡᠷᠡᠭᠵᠢᠬᠦᠯᠬᠦ ᠪᠠ ᠤᠯᠤᠰ ᠤᠨ ᠭᠠᠶᠢᠯᠢ᠂ ᠣᠷᠣᠨ ᠨᠤᠲᠤᠭ ᠤᠨ ᠭᠠᠶᠢᠯᠢ ᠶᠢ | ᠲᠠᠲᠠᠪᠤᠷᠢᠯᠠᠨ ᠬᠠᠮᠢᠶᠠᠷᠬᠤ ᠪᠠᠶᠢᠭᠤᠯᠤᠯ ᠤᠨ ᠥᠭᠡᠷᠡᠴᠢᠯᠡᠯᠲᠡ ᠶᠢ ᠬᠦᠨᠵᠡᠭᠡᠶᠢᠷᠡᠭᠦᠯᠬᠦ ᠬᠤᠶᠠᠷ ᠭᠤᠣᠯᠳᠠᠯᠭ᠎ᠠ ᠲᠠᠢ | ᠠᠭᠤᠯᠭ᠎ᠠ ᠶᠢ ᠨᠡᠶᠢᠲᠡᠯᠡᠭᠰᠡᠨ ᠤ ᠬᠠᠮᠲᠤ᠂ 5 ᠳ᠋ᠤᠭᠠᠷ ᠰᠠᠷ᠎ᠠ ᠶᠢᠨ 1 ᠤ ᠡᠳᠦᠷ ᠠᠴᠠ ᠡᠵᠡᠩᠨᠡᠯᠲᠡ ᠶᠢᠨ ᠭᠠᠶᠢᠯᠢ ᠶᠢ | ᠥᠷᠲᠡᠭ ᠤᠨ ᠨᠡᠮᠡᠭᠳᠡᠯ ᠤᠨ ᠭᠠᠶᠢᠯᠢ ᠪᠤᠯᠭᠠᠨ ᠦᠬᠡᠷᠡᠴᠢᠯᠡᠬᠦ ᠶᠢ ᠪᠦᠬᠦ ᠲᠠᠯ᠎ᠠ ᠪᠠᠷ ᠬᠡᠷᠡᠭᠵᠢᠬᠦᠯᠬᠦ᠂ ᠠᠷᠠᠳ ᠲᠤ | ᠳᠦᠭᠦᠮ ᠦᠵᠡᠭᠦᠯᠦᠨ ᠭᠠᠶᠢᠯᠢ ᠶᠢ ᠭᠦᠢᠴᠡᠳᠭᠡᠬᠦ ᠬᠠᠪᠤᠷ ᠤᠨ ᠰᠠᠯᠬᠢᠨ ᠠᠵᠢᠯᠯᠠᠭ᠎ᠠ ᠶᠢ ᠭᠦᠨᠵᠡᠭᠡᠶ ᠦᠷᠨᠢᠬᠦᠯᠬᠦ᠂ | ᠰᠦᠯᠵᠢᠶᠡᠨ ᠳᠡᠭᠡᠷ᠎ᠡ ᠭᠠᠶᠢᠯᠢ ᠶᠢᠨ ᠶᠠᠪᠤᠳᠠᠯ ᠢ ᠬᠦᠢᠴᠡᠳᠭᠡᠬᠦ ᠦᠢᠯᠡᠴᠢᠯᠡᠭᠡᠨ ᠤ ᠲᠠᠪᠴᠠᠩ ᠢ ᠬᠠᠮᠲᠤᠷᠠᠨ ᠪᠥᠳᠥᠭᠡᠨ | ᠪᠠᠶᠢᠭᠤᠯᠬᠤ ᠵᠡᠷᠭᠡ ᠨᠡᠶᠢᠭᠡᠮ ᠨᠡᠶᠢᠲᠡ ᠶᠢᠨ ᠠᠩᠬᠠᠷᠤᠯ ᠲᠠᠯᠪᠢᠵᠤ ᠪᠠᠶᠢᠭ᠎ᠠ ᠭᠠᠶᠢᠯᠢ ᠲᠠᠲᠠᠪᠤᠷᠢ ᠶᠢᠨ ᠬᠠᠯᠠᠮᠰᠢᠯ | ᠠᠰᠠᠭᠤᠳᠠᠯ ᠳᠤ ᠬᠠᠷᠢᠭᠤᠯᠲᠠ ᠥᠭᠴᠡᠶ᠃ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠠᠴᠠ ᠦᠢᠯᠡᠴᠢᠯᠡᠭᠡ ᠶᠢ ᠭᠦᠨᠵᠡᠭᠡᠶ ᠠᠪᠴᠢᠯᠳᠤᠭᠤᠯᠬᠤ᠂ ᠬᠠᠤᠯᠢ ᠬᠡᠷᠡᠭᠵᠢᠬᠦᠯᠦᠯᠲᠡ ᠶᠢ | ᠵᠣᠬᠢᠰᠲᠠᠶ ᠪᠠᠷ ᠡᠮᠬᠢᠯᠡᠨ ᠨᠡᠶᠢᠯᠡᠭᠦᠯᠬᠦ᠂ ᠮᠡᠳᠡᠭᠡ ᠵᠠᠩᠭᠢ ᠶᠢ ᠳᠡᠭᠡᠳᠦ ᠬᠡᠮᠵᠢᠶ᠎ᠡ ᠪᠠᠷ ᠲᠦᠪᠯᠡᠷᠡᠭᠦᠯᠬᠦ ᠲᠠᠯ᠎ᠠ ᠪᠠᠷ | ᠳᠤᠷᠠᠳᠤᠭᠰᠠᠨ 10 ᠲᠦᠷᠦᠯ ᠤᠨ 34 ᠵᠦᠢᠯ ᠤᠨ ᠠᠷᠠᠳ ᠲᠤ ᠳᠦᠭᠦᠮ ᠦᠵᠡᠭᠦᠯᠬᠦ ᠠᠷᠭ᠎ᠠ ᠬᠡᠮᠵᠢᠶ᠎ᠡ ᠶᠢ | ᠨᠡᠶᠢᠲᠡᠯᠡᠭᠰᠡᠨ ᠤ ᠬᠠᠮᠲᠤ ᠭᠠᠶᠢᠯᠢ ᠲᠤᠰᠢᠶᠠᠭᠴᠢ ᠳᠤ ᠳᠥᠭᠦᠮ ᠦᠵᠡᠭᠦᠯᠦᠨ ᠭᠠᠶᠢᠯᠢ ᠶᠢᠨ ᠶᠠᠪᠤᠳᠠᠯ ᠢ ᠬᠦᠢᠴᠡᠳᠭᠡᠬᠦ᠂ | ᠪᠠᠶᠢᠰᠢᠩ ᠭᠠᠵᠠᠷ ᠬᠦᠷᠦᠩᠭᠡ ᠶᠢᠨ ᠬᠠᠳᠠᠭᠠᠯᠠᠮᠵᠢ ᠶᠢ ᠦᠭᠡᠶᠢᠰᠭᠡᠬᠦ ᠶᠢ ᠳᠡᠮᠵᠢᠬᠦ᠂ ︽ᠭᠤᠷᠪᠠᠨ ᠦᠨᠡᠮᠯᠡᠯ ᠤᠨ | ᠨᠢᠭᠡᠳᠭᠡᠯ᠂ ᠨᠢᠭᠡ ᠦᠨᠡᠮᠯᠡᠯ ᠨᠢᠭᠡ ᠨᠤᠮᠧᠷ︾ ᠤᠨ ᠳᠠᠩᠰᠠᠯᠠᠯᠲᠠ ᠶᠢᠨ ᠳᠦᠷᠢᠮ ᠤᠨ ᠥᠭᠡᠷᠡᠴᠢᠯᠡᠯᠲᠡ ᠵᠡᠷᠭᠡ | ᠨᠡᠶᠢᠭᠡᠮ ᠨᠡᠶᠢᠲᠡ ᠶᠢᠨ ᠠᠩᠬᠠᠷᠤᠯ ᠲᠠᠯᠪᠢᠵᠤ ᠪᠠᠶᠢᠭ᠎ᠠ ᠭᠠᠶᠢᠯᠢ ᠲᠠᠲᠠᠪᠤᠷᠢ ᠶᠢᠨ ᠬᠠᠯᠠᠮᠰᠢᠯ ᠠᠰᠠᠭᠤᠳᠠᠯ ᠳᠤ | ᠬᠠᠷᠢᠭᠤᠯᠲᠠ ᠥᠭᠴᠡᠶ᠃ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠᠰᠠ ᠭᠠᠶᠢᠯᠢ ᠲᠤᠰᠢᠶᠠᠭᠴᠢ ᠶᠢᠨ ᠲᠥᠯᠥᠭᠡᠯᠡᠭᠴᠢ ᠳᠤ | ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠨᠣᠮ ᠪᠢᠴᠢᠭ ᠪᠤᠯᠤᠨ ᠮᠠᠲ᠋ᠧᠷᠢᠶᠠᠯ ᠢ ᠪᠡᠯᠡᠭᠯᠡᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠬᠤᠭᠤᠴᠠᠭᠠᠨ ᠳᠤ᠂ ᠪᠦᠬᠦ | ᠣᠷᠣᠨ ᠤ ᠡᠯ᠎ᠡ ᠱᠠᠲᠤᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠣᠷᠣᠨ ᠨᠤᠲᠤᠭ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠮᠲᠤᠷᠠᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠠᠯᠢ ᠣᠯᠠᠨ | ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠵᠦ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠡᠯ᠎ᠡ ᠵᠦᠢᠯ ᠤᠨ | ᠠᠵᠢᠯ ᠤᠨ ᠰᠢᠨ᠎ᠡ ᠠᠷᠭ᠎ᠠ ᠬᠡᠮᠵᠢᠶ᠎ᠡ ᠶᠢ ᠣᠯᠠᠨ ᠳᠡᠰ ᠳᠠᠪᠬᠤᠷᠭ᠎ᠠ᠂ ᠣᠯᠠᠨ ᠬᠦᠷᠢᠶ᠎ᠡ᠂ ᠤᠯᠠᠨ ᠲᠠᠯ᠎ᠠ ᠠᠴᠠ ᠳᠡᠯᠭᠡᠨ | ᠦᠵᠡᠭᠦᠯᠵᠦ᠂ ᠨᠡᠶᠢᠭᠡᠮ ᠳᠠᠶᠠᠭᠠᠷ ᠤᠨ ᠬᠠᠤᠯᠢ ᠶᠣᠰᠣᠭᠠᠷ ᠭᠠᠶᠢᠯᠢ ᠲᠤᠰᠢᠶᠠᠬᠤ ᠤᠬᠠᠮᠰᠠᠷ ᠢ ᠨᠢ ᠳᠡᠭᠡᠭᠰᠢᠯᠡᠭᠦᠯᠬᠦ ᠪᠠ | ᠭᠠᠶᠢᠯᠢ ᠶᠢᠨ ᠬᠠᠤᠯᠢ ᠶᠢ ᠵᠢᠷᠤᠮᠯᠠᠬᠤ ᠲᠠᠯ᠎ᠠ ᠪᠠᠷ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠬᠡᠪ ᠪᠠᠶᠢᠳᠠᠯ ᠢ ᠪᠤᠢ | ᠪᠤᠯᠭᠠᠬᠤ ᠪᠤᠯᠤᠨ᠎ᠠ᠃ |