| 2015 ᠣᠨ ᠠᠴᠠ ᠨᠠᠰᠢ᠂ ᠥᠪᠥᠷ ᠮᠣᠩᠭᠤᠯ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠨᠳᠤᠰᠢ | ᠰᠠᠶᠢᠵᠢᠷᠠᠵᠤ᠂ ᠵᠢᠷᠤᠭ ᠲᠠᠬᠢ ᠬᠥᠬᠡᠬᠤᠲᠠ ᠶᠢᠨ ᠲᠡᠭᠦᠷᠭᠡ ᠶᠢᠨ ᠬᠠᠯᠬᠠᠪᠴᠢ ᠤᠢ ᠨᠢᠭᠡᠨᠲᠡ ᠣᠷᠣᠨ ᠤ ᠲᠥᠪ ᠤᠨ | ᠠᠮᠢ ᠠᠬᠤᠶ ᠶᠢᠨ ᠣᠷᠴᠢᠨ ᠲᠣᠭᠤᠷᠢᠨ ᠤ ᠠᠮᠤᠷ ᠲᠥᠪᠰᠢᠨ ᠢ ᠪᠠᠲᠤᠯᠠᠬᠤ ᠠᠰᠢᠭᠲᠠᠢ ᠬᠠᠯᠬᠠᠪᠴᠢ ᠪᠣᠯᠪᠠ᠃ | 2015 ᠣᠨ ᠳᠤ᠂ ᠥᠪᠥᠷ ᠮᠣᠩᠭᠤᠯ ᠬᠠᠪᠤᠷ ᠵᠤᠨ ᠪᠣᠯᠪᠠᠯ ᠶᠡᠬᠡᠩᠬᠢ ᠭᠠᠵᠠᠷ ᠣᠷᠣᠨ ᠭᠠᠩ ᠬᠠᠭᠤᠷᠠᠶ᠂ | ᠨᠠᠮᠤᠷ ᠡᠪᠦᠯ ᠪᠣᠯᠪᠠᠯ ᠥᠩᠭᠡᠷᠡᠭᠰᠡᠨ ᠵᠢᠯ ᠤᠨ ᠬᠢ ᠠᠴᠠ ᠨᠡᠯᠢᠶᠡᠳ ᠴᠢᠭᠢᠭᠯᠢᠭ ᠪᠣᠯᠵᠤ᠂ ᠪᠦᠬᠦ ᠣᠷᠣᠨ ᠤ ᠠᠮᠢ | ᠠᠬᠤᠶ ᠶᠢᠨ ᠣᠷᠴᠢᠨ ᠲᠣᠭᠤᠷᠢᠨ ᠪᠠᠷᠠᠭᠤᠨ ᠠᠴᠠ ᠵᠡᠭᠦᠨᠰᠢ ᠠᠭᠠᠵᠢᠮ ᠢᠶᠠᠷ ᠰᠠᠶᠢᠵᠢᠷᠠᠬᠤ ᠬᠠᠨᠳᠤᠰᠢ ᠪᠠᠶᠢᠬᠤ ᠪᠠᠨ | ᠦᠨᠳᠦᠰᠦᠨ ᠳᠡᠭᠡᠨ ᠥᠷᠭᠦᠯᠵᠢᠯᠡᠪᠡ᠂ ᠭᠡᠪᠡᠴᠦ ᠬᠥᠯᠥᠨ ᠪᠤᠶᠢᠷ ᠬᠤᠳᠠ ᠶᠢᠨ ᠪᠠᠷᠠᠭᠤᠨ ᠪᠡᠶ᠎ᠡ ᠶᠢᠨ ᠠᠭᠤᠷ | ᠠᠮᠢᠰᠬᠤᠯ ᠨᠢ ᠠᠮᠢ ᠠᠬᠤᠶ ᠶᠢᠨ ᠣᠷᠴᠢᠨ ᠲᠣᠭᠤᠷᠢᠨ ᠢ ᠬᠥᠨᠳᠥ ᠨᠣᠴᠢᠲᠠᠢ ᠲᠠᠴᠢᠷᠳᠠᠭᠤᠯᠪᠠ᠃ ᠶᠡᠷᠦᠩᠬᠡᠶ ᠳᠤᠨᠢ | ᠠᠪᠴᠤ ᠦᠵᠡᠪᠡᠯ᠂ ᠪᠦᠬᠦ ᠣᠷᠣᠨ ᠤ ᠵᠢᠯ ᠤᠨ ᠴᠡᠪᠡᠷ ᠦᠢᠯᠡᠳᠪᠦᠷᠢᠯᠡᠯ ᠤᠨ ᠬᠦᠴᠦᠨ ᠶᠠᠭ ᠨᠡᠮᠡᠭᠳᠡᠵᠦ ᠪᠠᠶᠢᠨ᠎ᠠ᠃ | 2016 ᠣᠨ ᠳᠤ ᠣᠷᠣᠭᠰᠠᠨ ᠤ ᠳᠠᠷᠠᠭ᠎ᠠ᠂ ᠬᠠᠪᠤᠷ ᠤᠨ ᠤᠯᠠᠷᠢᠯ ᠤᠨ ᠬᠤᠷ᠎ᠠ ᠲᠣᠨᠣᠳᠠᠰᠤ ᠶᠢᠨ ᠲᠠᠷᠬᠠᠯᠲᠠ | ᠲᠡᠩᠴᠡᠭᠦᠷᠢ ᠦᠭᠡᠢ ᠪᠥᠭᠡᠳ ᠰᠠᠯᠬᠢᠨ ᠶᠡᠭᠡ ᠭᠠᠩ ᠬᠠᠭᠤᠷᠠᠶ ᠠᠴᠠ ᠪᠣᠯᠵᠤ᠂ ᠪᠦᠬᠦ ᠣᠷᠣᠨ ᠤ ᠠᠮᠢ ᠠᠬᠤᠶ ᠶᠢᠨ | ᠣᠷᠴᠢᠨ ᠲᠣᠭᠤᠷᠢᠨ ᠨᠡᠯᠢᠶᠡᠳ ᠭᠠᠨᠭ᠍ᠳᠠᠭᠤ ᠪᠠᠶᠢᠨ᠎ᠠ᠃ ᠠᠮᠢ ᠠᠬᠤᠶ ᠶᠢᠨ ᠪᠠᠶᠢᠭᠤᠯᠤᠯᠲᠠ ᠪᠣᠯᠣᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠠᠤᠯᠢ ᠲᠣᠭᠲᠠᠭᠠᠵᠤ᠂ ᠪᠦᠬᠦ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ | ᠬᠢᠭᠡᠳ ᠠᠵᠤ ᠠᠬᠤᠶ ᠨᠡᠶᠢᠭᠡᠮ ᠤᠨ ᠵᠣᠬᠢᠴᠠᠩᠭᠤᠶ ᠥᠷᠭᠦᠯᠵᠢᠯᠡᠨ ᠬᠥᠭᠵᠢᠬᠦ ᠶᠢ ᠪᠡᠶᠡᠯᠡᠭᠦᠯᠬᠦ ᠶᠢ ᠰᠠᠨᠠᠭᠤᠯᠵᠤ | ᠪᠠᠶᠢᠨ᠎ᠠ᠃ | ᠥᠪᠥᠷ ᠮᠣᠩᠭᠤᠯ ᠤᠨ ᠠᠮᠢ ᠠᠬᠤᠶ ᠬᠢᠭᠡᠳ ᠲᠠᠷᠢᠶᠠᠯᠠᠩ ᠤᠨ ᠴᠠᠭ ᠠᠭᠤᠷ ᠤᠨ ᠲᠥᠪ ᠤᠨ ᠬᠢᠨᠠᠨ | ᠬᠡᠮᠵᠢᠯᠲᠡ ᠶᠢ ᠦᠨᠳᠦᠰᠦᠯᠡᠪᠡᠯ᠂ 2015 ᠣᠨ ᠤ ᠬᠠᠪᠤᠷ ᠵᠤᠨ ᠤ ᠤᠯᠠᠷᠢᠯ ᠳᠤ ᠥᠪᠥᠷ ᠮᠣᠩᠭᠤᠯ ᠤᠨ ᠶᠡᠬᠡᠩᠬᠢ | ᠭᠠᠵᠠᠷ ᠣᠷᠣᠨ ᠬᠠᠭᠤᠷᠠᠶᠢᠰᠢᠵᠤ᠂ ᠢᠯᠠᠩᠭᠤᠶ᠎ᠠ ᠳᠤᠮᠳᠠ ᠪᠠᠷᠠᠭᠤᠨ ᠣᠷᠣᠨ ᠳᠤ ᠬᠠᠪᠤᠷ ᠵᠤᠨ ᠢ ᠵᠠᠯᠭᠠᠭᠰᠠᠨ ᠭᠠᠩ | ᠢᠯᠡᠷᠬᠡᠶ ᠪᠠᠶᠢᠪᠠ︔ ᠭᠡᠲᠡᠯ᠎ᠡ ᠡᠪᠦᠯ ᠤᠨ ᠤᠯᠠᠷᠢᠯ ᠳᠤ ᠶᠡᠬᠡᠩᠬᠢ ᠣᠷᠣᠨ ᠴᠢᠭᠢᠭᠯᠢᠭ ᠪᠠᠶᠢᠪᠠᠴᠤ ᠬᠥᠯᠥᠨ ᠪᠤᠶᠢᠷ | ᠬᠤᠲᠠ ᠶᠢᠨ ᠬᠤᠶᠢᠲᠤ ᠪᠡᠶ᠎ᠡ ᠢᠯᠡᠷᠬᠡᠶ ᠬᠠᠭᠤᠷᠠᠶᠢᠰᠢᠪᠠ᠃ ᠶᠡᠷᠦᠩᠬᠡᠶ ᠳᠤᠨᠢ ᠠᠪᠴᠤ ᠦᠵᠡᠪᠡᠯ᠂ ᠳᠤᠮᠳᠠ ᠪᠡᠶ᠎ᠡ | ᠪᠣᠯᠣᠨ ᠪᠠᠷᠠᠭᠤᠨ ᠪᠡᠶ᠎ᠡ 5᠂ 7᠂ 8 ᠳ᠋ᠤᠭᠠᠷ ᠰᠠᠷ᠎ᠠ ᠳᠤ ᠨᠡᠯᠢᠶᠡᠳ ᠬᠠᠭᠤᠷᠠᠶ᠂ 4 ᠳ᠋ᠤᠭᠡᠷ ᠰᠠᠷ᠎ᠠ ᠪᠣᠯᠣᠨ 9 | ᠳ᠋ᠤᠭᠡᠷ ᠰᠠᠷ᠎ᠠ ᠳᠤ ᠨᠡᠯᠢᠶᠡᠳ ᠰᠠᠶᠢᠨ︔ ᠬᠥᠯᠥᠨ ᠪᠤᠶᠢᠷ ᠬᠤᠳᠠ 5᠂ 8᠂ 9 ᠳ᠋ᠤᠭᠡᠷ ᠰᠠᠷ᠎ᠠ ᠳᠤ ᠨᠡᠯᠢᠶᠡᠳ ᠰᠠᠶᠢᠨ | ᠂ ᠪᠤᠰᠤᠳ ᠰᠠᠷ᠎ᠠ ᠳᠤ ᠪᠠᠷᠤᠭᠲᠠᠶᠢᠬᠠᠨ ᠪᠠᠶᠢᠪᠠ᠃ ᠠᠮᠢ ᠠᠬᠤᠶ ᠶᠢᠨ ᠣᠷᠴᠢᠨ ᠲᠣᠭᠤᠷᠢᠨ ᠤ ᠰᠠᠶᠢᠵᠢᠷᠠᠯᠲᠠ | ᠮᠠᠭᠤᠳᠠᠯᠲᠠ ᠨᠢ ᠡᠨᠡᠬᠦ ᠣᠷᠣᠨ ᠤ ᠬᠡᠪᠴᠢᠶᠡᠨ ᠳᠠᠬᠢ ᠵᠢᠯ ᠤᠨ ᠴᠡᠪᠡᠷ ᠦᠢᠯᠡᠳᠪᠦᠷᠢᠯᠡᠯ ᠤᠨ ᠬᠦᠴᠦᠨ ᠢ ᠰᠢᠭᠤᠳ | ᠨᠥᠯᠦᠭᠡᠯᠡᠨ᠎ᠡ᠂ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ᠂ 2015 ᠣᠨ ᠳᠤ ᠬᠥᠯᠥᠨ ᠪᠤᠶᠢᠷ ᠬᠤᠳᠠ ᠶᠢᠨ | ᠪᠠᠷᠠᠭᠤᠨ ᠪᠡᠶ᠎ᠡ᠂ ᠲᠦᠩᠯᠢᠶᠣᠤ ᠬᠤᠲᠠ ᠶᠢᠨ ᠪᠠᠷᠠᠭᠤᠨ ᠡᠮᠦᠨᠡᠲᠦ ᠪᠡᠶ᠎ᠡ᠂ ᠤᠯᠠᠭᠠᠨᠬᠠᠳᠠ ᠬᠤᠲᠠ ᠶᠢᠨ ᠶᠡᠬᠡᠩᠬᠢ | ᠪᠡᠶ᠎ᠡ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠪᠡᠶ᠎ᠡ᠂ ᠤᠯᠠᠭᠠᠨᠴᠠᠪ ᠬᠤᠲᠠ ᠶᠢᠨ ᠶᠡᠬᠡᠩᠬᠢ ᠬᠡᠰᠡᠭ᠂ | ᠬᠥᠬᠡᠬᠤᠲᠠ᠂ ᠪᠤᠭᠤᠲᠤ ᠬᠤᠳᠠ᠂ ᠤᠷᠳᠤᠰ ᠬᠤᠳᠠ ᠶᠢᠨ ᠵᠡᠭᠦᠨ ᠪᠡᠶ᠎ᠡ᠂ ᠪᠠᠶᠠᠨᠨᠠᠭᠤᠷ ᠬᠤᠳᠠ ᠶᠢᠨ ᠵᠡᠭᠦᠨ | ᠪᠡᠶ᠎ᠡ ᠶᠢᠨ ᠴᠡᠪᠡᠷ ᠦᠢᠯᠡᠳᠪᠦᠷᠢᠯᠡᠯ ᠤᠨ ᠬᠦᠴᠦᠨ ᠥᠩᠭᠡᠷᠡᠭᠰᠡᠨ ᠵᠢᠯ ᠤᠳ ᠬᠢ ᠠᠴᠠ ᠨᠡᠯᠢᠶᠡᠳ ᠳᠣᠣᠷ᠎ᠠ᠂ ᠪᠤᠰᠤᠳ | ᠭᠠᠵᠠᠷ ᠣᠷᠣᠨ ᠨᠢ ᠴᠡᠪᠡᠷ ᠦᠢᠯᠡᠳᠪᠦᠷᠢᠯᠡᠯ ᠤᠨ ᠬᠦᠴᠦᠨ ᠨᠡᠮᠡᠭᠳᠡᠭᠰᠡᠨ ᠣᠷᠣᠨ ᠪᠣᠯᠣᠨ᠎ᠠ᠃ | ᠶᠡᠷᠦᠩᠬᠡᠶ ᠳᠤᠨᠢ ᠠᠪᠴᠤ ᠦᠵᠡᠪᠡᠯ᠂ 2015 ᠣᠨ ᠤ ᠪᠦᠬᠦ ᠣᠷᠣᠨ ᠤ ᠠᠮᠢ ᠠᠬᠤᠶ ᠶᠢᠨ ᠣᠷᠴᠢᠨ | ᠲᠤᠭᠤᠷᠢᠨ ᠪᠠᠷᠠᠭᠤᠨ ᠠᠴᠠ ᠵᠡᠭᠦᠨᠰᠢ ᠠᠭᠠᠵᠢᠮ ᠢᠶᠠᠷ ᠰᠠᠶᠢᠵᠢᠷᠠᠬᠤ ᠬᠠᠨᠳᠤᠰᠢ ᠪᠠᠨ ᠦᠨᠳᠦᠰᠦᠨ ᠳᠡᠭᠡᠨ | ᠦᠷᠭᠦᠯᠵᠢᠯᠡᠵᠦ᠂ ᠡᠭᠦᠨ ᠳᠤ ᠬᠥᠯᠥᠨ ᠪᠤᠶᠢᠷ ᠬᠤᠳᠠ ᠶᠢᠨ ᠪᠠᠷᠠᠭᠤᠨ ᠪᠡᠶ᠎ᠡ᠂ ᠲᠦᠩᠯᠢᠶᠣᠤ ᠶᠢᠨ ᠪᠠᠷᠠᠭᠤᠨ ᠪᠡᠶ᠎ᠡ | ᠬᠢᠭᠡᠳ ᠤᠯᠠᠭᠠᠨᠬᠠᠳᠠ ᠬᠤᠲᠠ ᠶᠢᠨ ᠵᠡᠭᠦᠨ ᠪᠡᠶ᠎ᠡ ᠶᠢᠨ ᠵᠠᠬ᠎ᠠ ᠨᠡᠶᠢᠯᠡᠭᠰᠡᠨ ᠭᠠᠵᠠᠷ ᠤᠨ ᠠᠭᠤᠷ ᠠᠮᠢᠰᠬᠤᠯ ᠠᠮᠢ | ᠠᠬᠤᠶ ᠶᠢᠨ ᠣᠷᠴᠢᠨ ᠲᠣᠭᠤᠷᠢᠨ ᠤ ᠨᠥᠬᠦᠴᠡᠯ ᠪᠠᠷᠤᠭᠲᠠᠢ᠃ ᠥᠩᠭᠡᠷᠡᠭᠰᠡᠨ ᠵᠢᠯ ᠤᠳ ᠤᠨ ᠠᠳᠠᠯᠢ | ᠬᠤᠭᠤᠴᠠᠭ᠎ᠠ ᠲᠠᠢ ᠠᠳᠠᠯᠢᠳᠬᠠᠪᠠᠯ᠂ ᠠᠭᠤᠷ ᠠᠮᠢᠰᠬᠤᠯ᠂ ᠠᠮᠢ ᠠᠬᠤᠶ ᠣᠷᠴᠢᠨ ᠲᠣᠭᠤᠷᠢᠨ ᠮᠠᠭᠤᠲᠠᠭᠰᠠᠨ ᠣᠷᠣᠨ | ᠨᠢ ᠭᠤᠣᠯᠳᠠᠭᠤ ᠬᠥᠯᠥᠨ ᠪᠤᠶᠢᠷ ᠬᠤᠳᠠ ᠶᠢᠨ ᠪᠠᠷᠠᠭᠤᠨ ᠪᠡᠶ᠎ᠡ᠂ ᠤᠯᠠᠭᠠᠨᠬᠠᠳᠠ ᠬᠤᠲᠠ ᠶᠢᠨ ᠵᠡᠭᠦᠨ ᠪᠡᠶ᠎ᠡ᠂ | ᠲᠦᠩᠯᠢᠶᠣᠤ ᠬᠤᠲᠠ ᠶᠢᠨ ᠪᠠᠷᠠᠭᠤᠨ ᠡᠮᠦᠨ᠎ᠡ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠪᠡᠶ᠎ᠡ᠂ ᠤᠯᠠᠭᠠᠨᠴᠠᠪ ᠤᠨ | ᠬᠤᠶᠢᠲᠤ ᠪᠡᠶ᠎ᠡ᠂ ᠬᠥᠬᠡᠬᠤᠲᠠ ᠶᠢᠨ ᠪᠠᠷᠠᠭᠤᠨ ᠪᠡᠶ᠎ᠡ᠂ ᠪᠤᠭᠤᠲᠤ ᠬᠤᠳᠠ᠂ ᠤᠷᠳᠤᠰ ᠬᠤᠳᠠ ᠶᠢᠨ ᠵᠡᠭᠦᠨ ᠬᠤᠶᠢᠲᠤ | ᠪᠡᠶ᠎ᠡ ᠪᠠ ᠪᠠᠶᠠᠨᠨᠠᠭᠤᠷ ᠬᠤᠲᠠ ᠶᠢᠨ ᠪᠠᠷᠠᠭᠤᠨ ᠪᠡᠶ᠎ᠡ ᠶᠢᠨ ᠭᠠᠵᠠᠷ ᠣᠷᠣᠨ᠂ ᠡᠭᠦᠨ ᠤ ᠳᠣᠲᠣᠷ᠎ᠠ ᠬᠥᠯᠥᠨ ᠪᠤᠶᠢᠷ | ᠬᠤᠳᠠ ᠶᠢᠨ ᠪᠠᠷᠠᠭᠤᠨ ᠪᠡᠶ᠎ᠡ ᠶᠢᠨ ᠠᠭᠤᠷ ᠠᠮᠢᠰᠬᠤᠯ ᠠᠮᠢ ᠠᠬᠤᠶ ᠶᠢᠨ ᠣᠷᠴᠢᠨ ᠲᠣᠭᠤᠷᠢᠨ ᠤ ᠲᠠᠴᠢᠷᠳᠠᠯ ᠬᠦᠨᠳᠦ | ᠨᠣᠴᠢᠲᠠᠶ ᠣᠷᠣᠰᠢᠵᠤ ᠪᠠᠶᠢᠨ᠎ᠠ᠃ | 2016 ᠣᠨ ᠳᠤ ᠣᠷᠣᠭᠰᠠᠨ ᠤ ᠳᠠᠷᠠᠭ᠎ᠠ᠂ ᠪᠦᠬᠦ ᠣᠷᠣᠨ ᠤ ᠶᠡᠬᠡᠩᠬᠢ ᠬᠡᠰᠡᠭ ᠨᠢ ᠨᠡᠯᠢᠶᠡᠳ ᠭᠠᠩ | ᠬᠠᠭᠤᠷᠠᠶ᠂ ᠢᠯᠠᠩᠭᠤᠶ᠎ᠠ 2᠂ 3 ᠳ᠋ᠤᠭᠠᠷ ᠰᠠᠷ᠎ᠠ ᠳᠤ᠂ ᠬᠠᠪᠤᠷ ᠤᠨ ᠤᠯᠠᠷᠢᠯ ᠳᠤ ᠰᠠᠯᠬᠢ ᠠᠷᠪᠢᠨ ᠪᠥᠭᠡᠳ | ᠲᠤᠨᠳᠠᠰᠤᠨ ᠤ ᠲᠠᠷᠬᠠᠯᠲᠠ ᠲᠡᠩᠴᠡᠭᠦᠷᠢ ᠦᠭᠡᠢ᠂ ᠶᠡᠬᠡᠩᠬᠢ ᠭᠠᠵᠠᠷ ᠣᠷᠣᠨ ᠨᠤᠭᠤᠳ ᠥᠩᠭᠡᠷᠡᠭᠰᠡᠨ | ᠵᠢᠯ ᠤᠳ ᠲᠤ ᠭᠠᠩ ᠬᠠᠭᠤᠷᠠᠶ᠂ ᠡᠭᠦᠨ ᠳᠤ ᠮᠡᠳᠡᠭᠳᠡᠮ᠎ᠡ ᠬᠠᠭᠤᠷᠠᠶᠢᠰᠢᠭᠰᠠᠨ ᠣᠷᠣᠨ ᠨᠢ ᠭᠤᠣᠯᠳᠠᠭᠤ ᠬᠥᠯᠥᠨ | ᠪᠤᠶᠢᠷ ᠬᠤᠳᠠ ᠶᠢᠨ ᠶᠡᠬᠡᠩᠬᠢ ᠬᠡᠰᠡᠭ᠂ ᠬᠢᠩᠭᠠᠨ ᠠᠶᠢᠮᠠᠭ᠂ ᠲᠦᠩᠯᠢᠶᠣᠤ ᠬᠤᠲᠠ ᠶᠢᠨ ᠬᠤᠶᠢᠲᠤ ᠪᠡᠶ᠎ᠡ᠂ | ᠤᠯᠠᠭᠠᠨᠬᠠᠳᠠ ᠬᠤᠲᠠ ᠶᠢᠨ ᠵᠡᠭᠦᠨ ᠪᠡᠶ᠎ᠡ ᠪᠠ ᠤᠮᠠᠷᠠᠲᠤ ᠪᠡᠶ᠎ᠡ᠂ ᠰᠢᠯᠢ ᠶᠢᠨ ᠭᠤᠣᠯ ᠠᠶᠢᠮᠠᠭ ᠤᠨ ᠵᠡᠭᠦᠨ ᠪᠡᠶ᠎ᠡ᠂ | ᠤᠯᠠᠭᠠᠨᠴᠠᠪ ᠬᠤᠳᠠ ᠶᠢᠨ ᠡᠮᠦᠨ᠎ᠡ ᠪᠡᠶ᠎ᠡ᠂ ᠬᠥᠬᠡᠬᠤᠲᠠ ᠵᠢᠴᠢ ᠬᠥᠬᠡᠬᠤᠲᠠ ᠪᠤᠭᠤᠲᠤ ᠤᠷᠳᠤᠰ ᠤᠨ ᠵᠠᠬ᠎ᠠ | ᠨᠡᠶᠢᠯᠡᠭᠰᠡᠨ ᠣᠷᠣᠨ ᠨᠤᠭᠤᠳ ᠪᠣᠯᠣᠨ᠎ᠠ᠃ | ᠣᠳᠣᠬᠠᠨ ᠳᠤ ᠪᠦᠬᠦ ᠣᠷᠣᠨ ᠤ ᠶᠡᠬᠡᠩᠬᠢ ᠭᠠᠵᠠᠷ ᠣᠷᠣᠨ ᠨᠡᠯᠢᠶᠡᠳ ᠭᠠᠩ ᠬᠠᠭᠤᠷᠠᠶ᠂ ᠲᠡᠷᠡᠴᠢᠯᠡᠨ | ᠡᠮᠦᠨᠡᠬᠢ ᠬᠤᠭᠤᠴᠠᠭᠠᠨ ᠤ ᠨᠤᠭᠤᠭᠠᠷᠠᠯᠲᠠ ᠶᠢᠨ ᠤᠯᠠᠷᠢᠯ ᠳᠠᠭᠠᠨ ᠪᠠᠶᠢᠵᠤ᠂ ᠣᠷᠴᠢᠨ ᠲᠣᠭᠤᠷᠢᠨ ᠤ ᠭᠠᠩ ᠬᠠᠭᠤᠷᠠᠶ | ᠨᠢ ᠡᠪᠡᠰᠦ ᠪᠡᠯᠴᠢᠭᠡᠷ ᠤᠨ ᠨᠤᠭᠤᠭᠠᠷᠠᠯᠲᠠ ᠳᠤ ᠠᠰᠢᠭ ᠦᠭᠡᠢ ᠶᠤᠮ᠃ ᠵᠢᠱᠢᠯᠲᠡ ᠪᠠᠷ 4 ᠳ᠋ᠦ᠋ᠭᠡᠷ ᠰᠠᠷ᠎ᠠ ᠶᠢᠨ | ᠡᠬᠢ ᠪᠠᠷ᠂ ᠪᠦᠬᠦ ᠣᠷᠣᠨ ᠤ ᠠᠭᠠᠷ ᠤᠨ ᠳᠤᠯᠠᠭᠠᠨ ᠨᠢ ᠶᠡᠷᠦ ᠶᠢᠨ ᠵᠢᠯ ᠤᠨ ᠠᠳᠠᠯᠢ ᠬᠤᠭᠤᠴᠠᠭᠠᠨ ᠤ ᠬᠢ ᠠᠴᠠ | ᠥᠨᠳᠥᠷ ᠰᠢᠭ᠂ ᠲᠤᠨᠳᠠᠰᠤ ᠨᠢ ᠵᠡᠭᠦᠨ ᠬᠤᠶᠢᠲᠤ ᠣᠷᠣᠨ ᠳᠤ ᠡᠩ ᠤᠨ ᠵᠢᠯ ᠠᠴᠠ ᠢᠯᠡᠭᠦᠬᠡᠨ᠂ ᠪᠠᠷᠠᠭᠤᠨ | ᠪᠡᠶ᠎ᠡ ᠶᠢᠨ ᠭᠠᠵᠠᠷ ᠣᠷᠣᠨ ᠤ ᠵᠡᠭᠦᠨ ᠬᠡᠰᠡᠭ ᠭᠠᠵᠠᠷ ᠣᠷᠣᠨ ᠪᠣᠯᠤᠨ ᠪᠣᠷᠣᠲᠣᠬᠤᠶ ᠶᠢᠨ ᠡᠷᠬᠢᠨ ᠲᠣᠭᠤᠷᠢᠨ ᠤ | ᠭᠠᠵᠠᠷ ᠣᠷᠣᠨ ᠳᠤ ᠡᠩ ᠤᠨ ᠵᠢᠯ ᠤᠨ ᠠᠳᠠᠯᠢ ᠬᠤᠭᠤᠴᠠᠭᠠᠨ ᠠᠴᠠ 0 ~ 25 % ᠪᠠᠭᠠᠰᠤᠨ᠎ᠠ᠂ ᠰᠠᠨᠠᠭᠤᠯᠬᠤ ᠨᠢ | ᠡᠯ᠎ᠡ ᠭᠠᠵᠠᠷ ᠤᠨ ᠴᠠᠭ ᠠᠭᠤᠷ ᠤᠨ ᠬᠤᠪᠢᠷᠠᠯᠲᠠ ᠪᠠ ᠬᠥᠷᠥᠰᠥᠨ ᠤ ᠬᠥᠯᠳᠡᠭᠦᠦ ᠲᠠᠶᠢᠯᠤᠭᠳᠠᠬᠤ ᠪᠠᠶᠢᠳᠠᠯ ᠢ ᠨᠢᠭᠲᠠ | ᠠᠩᠬᠠᠷᠴᠤ᠂ ᠬᠠᠪᠤᠷ ᠤᠨ ᠡᠬᠢᠨ ᠤ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃ | ᠡᠭᠦᠨ ᠠᠴᠠ ᠭᠠᠳᠠᠨ᠎ᠠ᠂ ᠥᠪᠥᠷ ᠮᠣᠩᠭᠤᠯ ᠪᠣᠯ ᠮᠠᠨ ᠤ ᠤᠯᠤᠰ ᠤᠨ ᠠᠮᠢ ᠠᠬᠤᠶ ᠶᠢᠨ ᠣᠷᠴᠢᠨ ᠲᠣᠭᠤᠷᠢᠨ | ᠬᠡᠪᠡᠷᠡᠭ ᠭᠠᠵᠠᠷ ᠣᠷᠣᠨ ᠪᠣᠯᠬᠤᠷ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠪᠣᠯ ᠪᠦᠬᠦ ᠣᠷᠣᠨ ᠤ ᠨᠡᠭᠡᠭᠡᠨ | ᠬᠥᠭᠵᠢᠭᠦᠯᠬᠦ ᠪᠦᠲᠦᠭᠡᠨ ᠪᠠᠶᠢᠭᠤᠯᠬᠤ ᠳᠤ ᠡᠷᠬᠡᠪᠰᠢ ᠡᠩ ᠲᠡᠷᠢᠭᠦᠨ ᠳᠤ ᠰᠤᠳᠤᠯᠤᠨ ᠰᠢᠢᠳᠪᠦᠷᠢᠯᠡᠬᠦ ᠴᠢᠬᠤᠯᠠ ᠶᠡᠭᠡ | ᠠᠰᠠᠭᠤᠳᠠᠯ ᠮᠥᠨ᠃ ᠥᠪᠥᠷ ᠮᠣᠩᠭᠤᠯ ᠤᠨ ᠠᠮᠢ ᠠᠬᠤᠶ ᠶᠢᠨ ᠣᠷᠴᠢᠨ ᠲᠣᠭᠤᠷᠢᠨ ᠮᠠᠰᠢ ᠪᠤᠳᠤᠯᠢᠶᠠᠨᠲᠠᠶ᠂ ᠵᠡᠭᠦᠨ | ᠪᠡᠶ᠎ᠡ ᠪᠠ ᠪᠠᠷᠠᠭᠤᠨ ᠪᠡᠶ᠎ᠡ ᠶᠢᠨ ᠭᠠᠵᠠᠷ ᠣᠷᠣᠨ ᠤ ᠪᠠᠶᠢᠭᠠᠯᠢ ᠶᠢᠨ ᠠᠮᠢ ᠠᠬᠤᠶ ᠶᠢᠨ ᠣᠷᠴᠢᠨ ᠲᠣᠭᠤᠷᠢᠨ ᠠᠳᠠᠯᠢ | ᠪᠤᠰᠤ᠂ ᠠᠮᠢ ᠠᠬᠤᠶ ᠮᠠᠭᠤᠳᠠᠵᠤ ᠪᠠᠶᠢᠭ᠎ᠠ ᠠᠰᠠᠭᠤᠳᠠᠯ ᠲᠤᠩ ᠶᠡᠭᠡ ᠵᠥᠷᠢᠶ᠎ᠡ ᠲᠠᠢ ᠪᠠᠶᠢᠳᠠᠭ᠃ ᠢᠷᠡᠭᠡᠳᠦᠶ ᠶᠢᠨ | ᠪᠦᠬᠦ ᠣᠷᠣᠨ ᠤ ᠬᠥᠭᠵᠢᠯᠲᠡ ᠶᠢᠨ ᠠᠬᠢᠴᠠ ᠳᠤᠮᠳᠠ ᠰᠢᠨᠵᠢᠯᠡᠬᠦ ᠤᠬᠠᠭᠠᠨ ᠮᠡᠷᠭᠡᠵᠢᠯ ᠤᠨ ᠠᠮᠢ ᠠᠬᠤᠶ ᠶᠢᠨ | ᠪᠦᠲᠦᠭᠡᠨ ᠪᠠᠶᠢᠭᠤᠯᠤᠯᠲᠠ ᠶᠢᠨ ᠲᠦᠰᠢᠭ ᠲᠤᠯᠭᠠᠭᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠮᠢ | ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ᠂ ᠠᠳᠠᠯᠢ | ᠪᠤᠰᠤ ᠠᠮᠢ ᠠᠬᠤᠶ ᠶᠢᠨ ᠠᠵᠤ ᠠᠬᠤᠶ ᠶᠢᠨ ᠰᠢᠨᠵᠢ ᠬᠡᠯᠪᠡᠷᠢ ᠶᠢᠨ ᠣᠷᠣᠨ ᠤ ᠪᠠᠶᠢᠭᠠᠯᠢ ᠶᠢᠨ ᠠᠮᠢ ᠠᠬᠤᠶ ᠶᠢᠨ | ᠣᠷᠴᠢᠨ ᠲᠣᠭᠤᠷᠢᠨ ᠤ ᠣᠨᠴᠠᠯᠢᠭ ᠪᠠ ᠠᠮᠢ ᠠᠬᠤᠶ ᠮᠠᠭᠤᠳᠠᠵᠤ ᠪᠠᠶᠢᠭ᠎ᠠ ᠠᠰᠠᠭᠤᠳᠠᠯ ᠳᠤ ᠰᠠᠭᠤᠷᠢᠯᠠᠨ ᠠᠮᠢ | ᠠᠬᠤᠶ ᠶᠢᠨ ᠪᠦᠲᠦᠭᠡᠨ ᠪᠠᠶᠢᠭᠤᠯᠤᠯᠲᠠ ᠳᠤ ᠲᠥᠷᠥᠯ ᠬᠤᠪᠢᠶᠠᠨ ᠵᠢᠯᠣᠭᠤᠳᠬᠤ ᠠᠷᠭ᠎ᠠ ᠪᠤᠳᠤᠯᠭ᠎ᠠ ᠠᠪᠴᠤ᠂ ᠠᠮᠢ | ᠠᠬᠤᠶ ᠶᠢᠨ ᠣᠷᠴᠢᠨ ᠲᠤᠭᠤᠷᠢᠨ ᠬᠡᠪᠡᠷᠡᠭ ᠣᠷᠣᠨ ᠤ ᠠᠮᠢ ᠠᠬᠤᠶ ᠶᠢᠨ ᠠᠮᠤᠷ ᠲᠦᠪᠰᠢᠨ ᠤ ᠰᠢᠰᠲ᠋ᠧᠮ ᠢ | ᠪᠠᠶᠢᠭᠤᠯᠵᠤ᠂ ᠠᠮᠢ ᠠᠬᠤᠶ ᠶᠢᠨ ᠪᠠᠶᠢᠭᠤᠯᠤᠯᠲᠠ ᠪᠠ ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ | ᠲᠣᠭᠲᠠᠭᠠᠯᠲᠠ ᠶᠢ ᠥᠷᠨᠢᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠶ ᠶᠢᠨ ᠣᠷᠴᠢᠨ ᠲᠣᠭᠤᠷᠢᠨ | ᠬᠢᠭᠡᠳ ᠠᠵᠤ ᠠᠬᠤᠶ ᠨᠡᠶᠢᠭᠡᠮ ᠤᠨ ᠵᠣᠬᠢᠴᠠᠩᠭᠤᠶ ᠦᠷᠭᠦᠯᠵᠢᠯᠡᠨ ᠬᠥᠭᠵᠢᠬᠦ ᠶᠢ ᠲᠦᠯᠬᠢᠨ ᠠᠬᠢᠭᠤᠯᠬᠤ ᠬᠡᠷᠡᠭᠲᠡᠢ | ᠪᠠᠶᠢᠨ᠎ᠠ᠃ |