| ᠡᠨᠡ ᠵᠢᠯ ᠤᠨ 2 ᠳ᠋ᠤᠭᠠᠷ ᠰᠠᠷ᠎ᠠ ᠳᠤ᠂ ᠪᠤᠭᠤᠲᠤ ᠶᠢᠨ ︽ᠪᠦᠬᠦ ᠪᠣᠭᠤᠲᠤ ᠳᠤ ᠲᠣᠬᠢᠷᠠᠬᠤ︾ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠺᠠᠷᠲ ᠪᠦᠬᠦ ᠤᠯᠤᠰ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ ᠲᠠᠪᠴᠠᠩ ᠳᠤ ᠵᠢᠩᠭᠢᠨᠢ ᠪᠠᠷ ᠵᠠᠯᠭᠠᠪᠠ᠃ ᠣᠳᠣᠬᠠᠨ ᠪᠣᠯᠲᠠᠯ᠎ᠠ ᠪᠦᠬᠦ ᠤᠯᠤᠰ ᠤᠨ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠬᠦ 5000 ᠭᠠᠷᠤᠢ ᠺᠠᠷᠲ ᠢ ᠨᠢᠭᠡᠨᠲᠡ ᠲᠦᠭᠡᠭᠡᠵᠦ᠂ 41 ᠬᠤᠳᠠ | ᠲᠠᠢ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠪᠤᠭᠤᠲᠤ ᠬᠤᠲᠠ ᠶᠢᠨ ᠠᠷᠠᠳ ᠤᠳ ᠲᠤᠰ ᠺᠠᠷᠲ ᠢᠶᠠᠷ ᠢᠶᠠᠨ | ᠰᠦᠯᠵᠢᠶᠡᠨ ᠳᠡᠭᠡᠷ᠎ᠡ ᠨᠢᠭᠡᠨᠲᠡ ᠬᠤᠯᠪᠣᠭᠰᠠᠨ ᠪᠡᠭᠡᠵᠢᠩ᠂ ᠲᠢᠶᠠᠨᠵᠢᠨ᠂ ᠨᠠᠨᠵᠢᠩ᠂ ᠴᠦᠩᠴᠢᠩ ᠵᠡᠷᠭᠡ ᠭᠠᠵᠠᠷ | ᠣᠷᠣᠨ ᠠᠯᠤᠰᠯᠠᠭᠰᠠᠨ 41 ᠬᠤᠲᠠ ᠳᠤ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠣᠯᠣᠨ᠎ᠠ᠃ ᠪᠤᠭᠤᠲᠤ | ᠬᠤᠲᠠ ᠶᠢᠨ ᠪᠦᠬᠦᠨ ᠳᠤ ᠳᠣᠬᠢᠷᠠᠬᠤ ᠺᠠᠷᠲ ᠤᠨ ᠺᠣᠮᠫᠠᠨᠢ 2008 ᠣᠨ ᠤ 11 ᠳ᠋ᠦ᠋ᠭᠡᠷ ᠰᠠᠷ᠎ᠠ ᠳᠤ | ᠪᠠᠶᠢᠭᠤᠯᠤᠭᠳᠠᠵᠤ᠂ ᠪᠤᠭᠤᠲᠤ ᠬᠤᠲᠠ ᠶᠢᠨ ᠵᠠᠰᠠᠭ ᠤᠨ ᠣᠷᠳᠣᠨ ᠠᠴᠠ ᠵᠥᠪᠰᠢᠶᠡᠷᠡᠨ ᠡᠷᠬᠡ ᠣᠯᠭᠤᠭᠰᠠᠨ ᠤᠯᠠᠨ | ᠨᠡᠶᠢᠲᠡ ᠶᠢᠨ ᠠᠵᠢᠯ ᠦᠢᠯᠡᠰ ᠤᠨ ᠵᠠᠷᠤᠳᠠᠯ ᠲᠤᠰᠢᠶᠠᠬᠤ᠂ ᠤᠯᠠᠨ ᠨᠡᠶᠢᠲᠡ ᠶᠢᠨ ᠵᠠᠮ ᠬᠠᠷᠢᠯᠴᠠᠭ᠎ᠠ᠂ ᠪᠠᠭ᠎ᠠ | ᠲᠣᠭᠠᠨ ᠤ ᠬᠡᠷᠡᠭᠯᠡᠭᠡ ᠵᠡᠷᠭᠡ ᠬᠦᠷᠢᠶᠡᠨ ᠳᠠᠬᠢ ᠣᠨᠴᠠ ᠵᠥᠪᠰᠢᠶᠡᠷᠡᠯᠲᠦ ᠡᠵᠡᠩᠨᠡᠯᠲᠡ ᠶᠢᠨ ᠠᠵᠤ ᠠᠬᠤᠶᠢᠯᠠᠯ ᠪᠣᠯᠣᠨ᠎ᠠ᠂ | ᠪᠤᠭᠤᠲᠤ ᠬᠤᠲᠠ ᠶᠢᠨ ᠪᠦᠬᠦᠨ ᠳᠤ ᠳᠣᠬᠢᠷᠠᠬᠤ ᠺᠠᠷᠲ ᠤᠨ ᠪᠠᠶᠢᠭᠤᠯᠤᠯᠲᠠ᠂ ᠬᠠᠮᠢᠶᠠᠷᠤᠯᠲᠠ ᠪᠣᠯᠣᠨ | ᠡᠵᠡᠩᠨᠡᠯᠲᠡ ᠶᠢ ᠬᠠᠷᠢᠭᠤᠴᠠᠨ᠎ᠠ᠃ ᠬᠤᠳᠠ ᠶᠢᠨ ᠠᠷᠠᠳ ᠤᠨ ᠪᠦᠬᠦᠨ ᠳᠤ ᠲᠤᠬᠢᠷᠠᠬᠤ ᠺᠠᠷᠲ ᠤᠨ ᠺᠣᠮᠫᠠᠨᠢ ᠶᠢᠨ | ᠣᠯᠭᠤᠭᠰᠠᠨ ︽ᠪᠦᠬᠦ ᠪᠣᠭᠤᠲᠤ ᠳᠤ ᠲᠣᠬᠢᠷᠠᠬᠤ︾ ᠺᠠᠷᠲ ᠢᠶᠠᠷ ᠢᠶᠠᠨ ᠪᠦᠬᠦ ᠬᠤᠲᠠ ᠶᠢᠨ ︽ᠪᠦᠬᠦ ᠪᠣᠭᠤᠲᠤ ᠳᠤ | ᠲᠣᠬᠢᠷᠠᠬᠤ︾ ᠲᠡᠮᠳᠡᠭ ᠲᠠᠢ POS ᠮᠠᠰᠢᠨ ᠳᠡᠭᠡᠷ᠎ᠡ ᠤᠰᠤ᠂ ᠴᠠᠬᠢᠯᠭᠠᠨ᠂ ᠰᠢᠲᠠᠮᠠᠬᠠᠶ ᠭᠡᠢ᠂ ᠳ᠋ᠢᠶᠠᠩᠬᠤᠸᠠ | ᠵᠡᠷᠭᠡ ᠡᠯ᠎ᠡ ᠵᠦᠢᠯ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠵᠠᠷᠤᠳᠠᠯ ᠢ ᠲᠤᠰᠢᠶᠠᠵᠤ᠂ ᠲᠤᠰ ᠺᠠᠷᠲ ᠢᠶᠠᠷ | ᠨᠡᠶᠢᠲᠡ ᠶᠢᠨ ᠮᠠᠰᠢᠨ ᠲᠡᠷᠭᠡᠨ ᠳᠤ ᠰᠠᠭᠤᠪᠠᠯ ᠬᠠᠭᠠᠰ ᠦᠨ᠎ᠡ ᠶᠢᠨ ᠬᠠᠷᠠᠭᠠᠯᠵᠠᠯ ᠬᠦᠷᠳᠡᠵᠦ ᠪᠣᠯᠤᠨ᠎ᠠ᠃ ᠡᠭᠦᠨ ᠤ | ᠵᠡᠷᠭᠡᠴᠡᠭᠡᠪᠡᠷ᠂ ᠲᠤᠰ ᠺᠠᠷᠲ ᠢ ᠪᠠᠰᠠ ᠪᠣᠭᠤᠲᠤ ᠬᠤᠲᠠ ᠶᠢᠨ ᠬᠡᠰᠡᠭ ᠬᠡᠲᠦ ᠳᠡᠯᠭᠡᠭᠦᠷ ᠪᠣᠯᠤᠨ ᠬᠡᠷᠡᠭᠯᠡᠭᠡᠨ ᠤ | ᠲᠠᠯᠠᠪᠤᠷ ᠲᠤ ᠬᠡᠷᠡᠭᠯᠡᠵᠦ ᠪᠣᠯᠤᠨ᠎ᠠ᠃ ᠣᠳᠣᠬᠠᠨ ᠪᠣᠯᠲᠠᠯ᠎ᠠ᠂ ︽ᠪᠦᠬᠦ ᠪᠣᠭᠤᠲᠤ ᠳᠤ ᠲᠣᠬᠢᠷᠠᠬᠤ︾ ᠺᠠᠷᠲ ᠢ | ᠨᠡᠶᠢᠲᠡ 80 ᠭᠠᠷᠤᠶ ᠲᠦᠮᠡᠨ ᠬᠤᠪᠢ ᠲᠦᠭᠡᠭᠡᠵᠦ᠂ ᠡᠭᠦᠨ ᠳᠤ᠂ ᠪᠦᠬᠦ ᠤᠯᠤᠰ ᠤᠨ ᠬᠠᠷᠢᠯᠴᠠᠨ ᠬᠤᠯᠪᠣᠭᠠᠯᠠᠵᠤ | ᠬᠠᠷᠢᠯᠴᠠᠨ ᠨᠡᠪᠲᠡᠷᠡᠬᠦ ᠺᠠᠷᠲ 5000 ᠭᠠᠷᠤᠢ ᠬᠤᠪᠢ᠂ ᠪᠤᠭᠤᠲᠤ ᠬᠤᠲᠠ ᠶᠢᠨ ᠠᠷᠠᠳ ᠤᠳ ᠲᠤᠰ ᠭᠠᠵᠠᠷ | ᠣᠷᠣᠨ ᠤ ᠨᠡᠶᠢᠲᠡ ᠶᠢᠨ ᠮᠠᠰᠢᠨ ᠲᠡᠷᠭᠡᠨ ᠤ ᠺᠠᠷᠲ ᠢᠶᠠᠷ ᠢᠶᠠᠨ ᠭᠠᠵᠠᠷ ᠣᠷᠣᠨ ᠠᠯᠤᠰᠯᠠᠨ᠂ ᠬᠦᠷᠢᠶ᠎ᠡ ᠬᠡᠪᠴᠢᠶ᠎ᠡ | ᠠᠯᠤᠰᠯᠠᠨ᠂ ᠵᠠᠮ ᠬᠠᠷᠢᠯᠴᠠᠭᠠᠨ ᠠᠯᠤᠰᠯᠠᠬᠤ ᠬᠡᠯᠪᠡᠷᠢ ᠪᠠᠷ ᠭᠠᠳᠠᠭᠰᠢ ᠭᠠᠷᠬᠤ ᠳᠤ ᠳᠦᠭᠦᠮ ᠳᠦᠳᠡ ᠦᠵᠡᠭᠦᠯᠪᠡ᠃ | |