ᠪᠦᠬᠦ ᠣᠷᠣᠨ ᠤ ᠲᠠᠩᠰᠠ ᠡᠪᠬᠡᠮᠡᠯ ᠪᠠᠶᠢᠭᠤᠯᠤᠨ ᠺᠠᠷᠲ ᠬᠢᠵᠤ ᠦᠭᠭᠦ ᠠᠵᠢᠯ ᠢ ︽ᠡᠷᠬᠢᠵᠤ ᠬᠠᠷᠠᠬᠤ︾ ᠪᠠ 2015 ᠣᠨ ᠤ ᠶᠠᠳᠠᠭᠤ ᠪᠠᠷ ᠲᠡᠳᠭᠦᠯᠦᠭᠰᠡᠳ ᠤᠨ ᠬᠥᠳᠡᠯᠦᠩᠭᠦᠶ ᠪᠠᠶᠢᠳᠠᠯ ᠢ ᠬᠠᠮᠢᠶᠠᠷᠬᠤ ᠲᠤᠭ᠎ᠠ ᠪᠠᠷᠢᠮᠲᠠ ᠴᠤᠭᠯᠠᠭᠤᠯᠬᠤ ᠪᠤᠯᠪᠠᠰᠤᠷᠠᠭᠤᠯᠤᠯ ᠤᠨ ᠠᠩᠭᠢ ᠶᠢ ᠬᠥᠬᠡᠬᠤᠲᠠ ᠳᠤ ᠡᠷᠬᠢᠯᠡᠪᠡ
ᠨᠡᠶᠢᠲᠡᠯᠡᠭᠰᠡᠨ ᠴᠠᠭ᠄
2016/4/8
   
     ᠣᠶᠢᠷ᠎ᠠ ᠳᠤ᠂ ᠪᠦᠬᠦ ᠣᠷᠣᠨ ᠤ ᠲᠠᠩᠰᠠ ᠡᠪᠬᠡᠮᠡᠯ ᠪᠠᠶᠢᠭᠤᠯᠤᠨ ᠺᠠᠷᠲ ᠬᠢᠵᠤ ᠦᠭᠭᠦ ᠠᠵᠢᠯ ᠢ ︽ᠡᠷᠬᠢᠵᠤ ᠬᠠᠷᠠᠬᠤ︾ ᠪᠠ 2015 ᠣᠨ ᠤ ᠶᠠᠳᠠᠭᠤ ᠪᠠᠷ ᠲᠡᠳᠭᠦᠯᠦᠭᠰᠡᠳ ᠤᠨ ᠬᠥᠳᠡᠯᠦᠩᠭᠦᠶ ᠪᠠᠶᠢᠳᠠᠯ ᠢ ᠬᠠᠮᠢᠶᠠᠷᠬᠤ ᠲᠤᠭ᠎ᠠ ᠪᠠᠷᠢᠮᠲᠠ ᠴᠤᠭᠯᠠᠭᠤᠯᠬᠤ ᠪᠤᠯᠪᠠᠰᠤᠷᠠᠭᠤᠯᠤᠯ ᠤᠨ ᠠᠩᠭᠢ ᠶᠢ ᠬᠥᠬᠡᠬᠤᠲᠠ ᠳᠤ ᠡᠷᠬᠢᠯᠡᠪᠡ᠃ 12 ᠠᠶᠢᠮᠠᠭ ᠬᠤᠳᠠ ᠶᠢᠨ ᠬᠤᠪᠢᠳᠠᠨ ᠬᠠᠮᠢᠶᠠᠷᠴᠤ ᠪᠦᠬᠦᠢ  ᠳᠡᠳ᠋ ᠡᠷᠬᠢᠯᠡᠭᠴᠢ᠂ ᠰᠠᠯᠠᠭᠠᠨ ᠳᠠᠷᠤᠭ᠎ᠠ ᠪᠤᠯᠤᠨ ᠶᠠᠳᠠᠭᠤ ᠬᠦᠴᠢᠷᠳᠡᠯᠲᠡᠶ 57 ᠬᠤᠰᠢᠭᠤ ᠰᠢᠶᠠᠨ ᠤ ᠬᠤᠪᠢᠳᠠᠨ ᠬᠠᠮᠢᠶᠠᠷᠴᠤ ᠪᠦᠬᠦᠢ ᠳᠡᠳ᠋ ᠡᠷᠬᠢᠯᠡᠭᠴᠢ ᠵᠢᠴᠢ ᠳᠠᠩᠰᠠ ᠡᠪᠭᠡᠮᠡᠯ ᠪᠠᠶᠢᠭᠤᠯᠤᠨ ᠺᠠᠷᠲ ᠬᠢᠬᠦ ᠠᠵᠢᠯ ᠢ ᠡᠭᠦᠷᠭᠡᠯᠡᠵᠤ ᠪᠠᠶᠢᠭ᠎ᠠ ᠬᠤᠰᠢᠭᠤ ᠰᠢᠶᠠᠨ ᠤ ᠠᠵᠢᠯᠲᠠᠳ ᠪᠤᠯᠪᠠᠰᠤᠷᠠᠭᠤᠯᠤᠯ ᠳᠤ ᠤᠷᠤᠯᠴᠠᠪᠠ᠃      ᠪᠤᠯᠪᠠᠰᠤᠷᠠᠭᠤᠯᠤᠯ ᠤᠨ ᠠᠩᠬᠢ ᠶᠢ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ᠲᠦᠯᠦᠪᠯᠡᠭᠡ ᠡᠳ᠋ ᠤᠨ ᠶᠠᠪᠤᠳᠠᠯ ᠤᠨ ᠭᠠᠵᠠᠷ ᠪᠤᠯᠤᠨ ᠶᠠᠳᠠᠭᠤ ᠬᠦᠴᠢᠷᠳᠡᠯᠲᠡᠶ ᠭᠠᠵᠠᠷ ᠣᠷᠣᠨ ᠤ ᠮᠡᠳᠡᠭᠡ ᠵᠠᠩᠭᠢ ᠶᠢ ᠬᠢᠨᠠᠨ ᠬᠡᠮᠵᠢᠬᠦ ᠲᠦᠪ ᠠᠴᠠ ᠬᠠᠮᠲᠤ ᠪᠠᠷ ᠳᠠᠭᠠᠭᠠᠨ ᠡᠷᠬᠢᠯᠡᠪᠡ᠃ ᠪᠤᠯᠪᠠᠰᠤᠷᠠᠭᠤᠯᠤᠯ ᠤᠨ ᠠᠩᠭᠢ ᠨᠢ ᠲᠥᠷᠥ ᠶᠢᠨ ᠶᠠᠪᠤᠳᠠᠯ ᠤᠨ  ᠬᠤᠷᠢᠶ᠎ᠠ ᠶᠢᠨ ᠶᠠᠳᠠᠭᠤ ᠶᠢ ᠲᠡᠳᠬᠦᠬᠦ ᠠᠵᠢᠯ ᠤᠨ ᠠᠯᠪᠠᠨ ᠭᠡᠷ ᠤᠨ ᠮᠡᠳᠡᠭᠡ ᠵᠠᠩᠭᠢ ᠶᠢᠨ ᠲᠥᠪ ᠤᠨ ᠳᠡᠳ᠋ ᠭᠠᠵᠠᠷ ᠤᠨ ᠳᠠᠷᠤᠭ᠎ᠠ ᠸᠠᠩ ᠸᠧᠨ ᠮᠢᠩ ᠢ ᠤᠷᠢᠵᠤ᠂ ᠪᠤᠯᠪᠠᠰᠤᠷᠠᠭᠤᠯᠤᠯ ᠳᠤ ᠤᠷᠤᠯᠴᠠᠭᠰᠠᠳ ᠲᠤ ᠶᠠᠳᠠᠭᠤ ᠶᠢ ᠲᠡᠳᠬᠦᠬᠦ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠬᠢᠭᠡᠳ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠳᠡᠳ᠋ ᠰᠢᠰᠲ᠋ᠧᠮ ᠤᠨ ᠠᠵᠢᠯᠯᠠᠭ᠎ᠠ ᠶᠢ ᠲᠠᠶᠢᠯᠪᠤᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠳᠡᠳ᠋ ᠡᠷᠬᠢᠯᠡᠭᠴᠢ ᠬᠠᠨ ᠵᠢᠶᠠᠨ ᠭᠠᠩ ᠪᠤᠯᠪᠠᠰᠤᠷᠠᠭᠤᠯᠤᠯ ᠤᠨ ᠠᠩᠬᠢ ᠳᠤ ᠴᠢᠬᠤᠯᠠ ᠵᠢᠭᠠᠪᠤᠷᠢ ᠦᠭᠴᠦ᠂ ᠪᠥᠬᠦ ᠣᠷᠣᠨ ᠤ ᠲᠠᠩᠰᠠ ᠡᠪᠬᠡᠮᠡᠯ ᠪᠠᠶᠢᠭᠤᠯᠤᠨ ᠺᠠᠷᠲ ᠬᠢᠵᠤ ᠦᠭᠭᠦ ᠠᠵᠢᠯ ᠢ ︽ᠡᠷᠬᠢᠵᠤ ᠬᠠᠷᠠᠬᠤ︾ ᠪᠠ 2015 ᠣᠨ ᠤ ᠶᠠᠳᠠᠭᠤ ᠪᠠᠷ ᠲᠡᠳᠭᠦᠯᠦᠭᠰᠡᠳ ᠤᠨ ᠬᠥᠳᠡᠯᠦᠩᠭᠦᠶ ᠪᠠᠶᠢᠳᠠᠯ ᠢ ᠬᠠᠮᠢᠶᠠᠷᠬᠤ ᠲᠤᠭ᠎ᠠ ᠪᠠᠷᠢᠮᠲᠠ ᠴᠤᠭᠯᠠᠭᠤᠯᠬᠤ ᠠᠵᠢᠯ ᠤᠨ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠴᠤ᠂ ᠡᠯ᠎ᠡ ᠠᠶᠢᠮᠠᠭ ᠬᠤᠳᠠ ᠶᠢᠨ ᠳᠠᠩᠰᠠ ᠡᠪᠬᠡᠮᠡᠯ ᠪᠠᠶᠢᠭᠤᠯᠤᠨ ᠺᠠᠷᠲ ᠬᠢᠵᠦ ᠦᠭᠭᠦ ᠠᠵᠢᠯ ᠢ ︽ᠡᠷᠭᠢᠵᠦ ᠬᠠᠷᠠᠬᠤ︾ ᠠᠵᠢᠯ ᠤᠨ ᠳᠤᠮᠳᠠ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠵᠢᠭᠠᠨ ᠭᠠᠷᠭᠠᠵᠤ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠳᠤᠷᠠᠳᠴᠤ᠂ ᠳᠠᠷᠠᠭᠠᠴᠢ ᠶᠢᠨ ᠠᠯᠬᠤᠮ ᠤᠨ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠲᠦᠯᠦᠪᠯᠡᠭᠡ ᠡᠳ᠋ ᠤᠨ ᠶᠠᠪᠤᠳᠠᠯ ᠤᠨ ᠭᠠᠵᠠᠷ ᠤᠨ ᠬᠠᠷᠢᠭᠤᠴᠠᠯᠭᠠᠲᠠᠨ ᠵᠠᠩ ᠭᠦᠸᠧ ᠠᠴᠠ ᠲᠠᠩᠰᠠ ᠡᠪᠬᠡᠮᠡᠯ ᠪᠠᠶᠢᠭᠤᠯᠤᠨ ᠺᠠᠷᠲ ᠬᠢᠵᠤ ᠦᠭᠭᠦ ᠠᠵᠢᠯ ᠢ ︽ᠡᠷᠭᠢᠵᠦ ᠬᠠᠷᠠᠬᠤ︾ ᠪᠠ 2015 ᠣᠨ ᠤ ᠶᠠᠳᠠᠭᠤ ᠪᠠᠷ ᠲᠡᠳᠭᠦᠯᠦᠭᠰᠡᠳ ᠤᠨ ᠬᠦᠳᠡᠯᠦᠩᠭᠦᠢ ᠪᠠᠶᠢᠳᠠᠯ ᠢ ᠬᠠᠮᠢᠶᠠᠷᠬᠤ ᠲᠤᠭ᠎ᠠ ᠪᠠᠷᠢᠮᠲᠠ ᠴᠤᠭᠯᠠᠭᠤᠯᠬᠤ ᠠᠵᠢᠯ ᠤᠨ ᠬᠤᠯᠪᠤᠭᠳᠠᠯ ᠪᠦᠬᠦᠢ ᠠᠰᠠᠭᠤᠳᠠᠯ ᠳᠤ ᠲᠠᠶᠢᠯᠪᠤᠷᠢ ᠬᠢᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号