ᠤᠢᠢᠷ᠎ᠠ ᠶᠢᠨ ᠵᠢᠯ ᠤᠳ ᠲᠤ᠂ ᠤᠷᠠᠳ ᠤᠨ ᠬᠤᠶᠢᠲᠤ ᠬᠤᠰᠢᠭᠤ ᠶᠢᠨ ᠤᠯᠤᠰ ᠤᠨ ᠭᠠᠵᠠᠷ ᠰᠢᠷᠤᠢ ᠡᠬᠢ | ᠪᠠᠶᠠᠯᠢᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠠᠵᠢᠯ ᠤᠨ ᠰᠤᠷᠲᠠᠯ ᠢᠶᠠᠨ | ᠦᠨᠡᠨ ᠬᠦ ᠬᠤᠪᠢᠷᠠᠭᠤᠯᠵᠤ᠂ ᠦᠢᠯᠡᠴᠢᠯᠡᠭᠡᠨ ᠤ ᠬᠢᠷᠢ ᠲᠥᠪᠰᠢᠨ ᠪᠠᠨ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ | ᠡᠯ᠎ᠡ ᠵᠦᠢᠯ ᠤᠨ ᠠᠵᠢᠯ ᠢᠯᠡᠳᠲᠡ ᠠᠮᠵᠢᠯᠲᠠ ᠣᠯᠵᠤ᠂ ᠨᠡᠶᠢᠭᠡᠮ ᠤᠨ ᠲᠠᠭᠠᠰᠢᠶᠠᠯ ᠤᠨ ᠬᠡᠮᠵᠢᠶ᠎ᠡ ᠲᠠᠰᠤᠷᠠᠯᠲᠠ | ᠦᠭᠡᠢ ᠳᠡᠭᠡᠭᠰᠢᠯᠡᠪᠡ᠃ | ᠨᠢᠭᠡ ᠳᠤ᠂ ᠦᠢᠯᠡᠴᠢᠯᠡᠭᠡᠨ ᠤ ᠶᠠᠰᠤ ᠴᠢᠨᠠᠷ ᠢᠶᠠᠨ ᠰᠢᠯᠢᠳᠡᠭᠵᠢᠭᠦᠯᠵᠡᠢ᠃ ᠲᠤᠬᠠᠶᠢᠯᠠᠭᠰᠠᠨ ᠠᠵᠢᠯ ᠤᠨ | ᠮᠡᠳᠡᠯᠭᠡ ᠶᠢᠨ ᠪᠣᠯᠪᠠᠰᠤᠷᠠᠭᠤᠯᠤᠯ ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠠᠶᠢᠭᠤᠯᠭ᠎ᠠ ᠶᠢᠨ | ᠺᠠᠳ᠋ᠷᠴᠤᠳ ᠤᠨ ᠲᠤᠬᠠᠶᠢᠯᠠᠭᠰᠠᠨ ᠠᠵᠢᠯ ᠤᠨ ᠬᠡᠪ ᠴᠢᠨᠠᠷ ᠪᠣᠯᠣᠨ ᠦᠢᠯᠡᠴᠢᠯᠡᠭᠡᠨ ᠤ ᠬᠢᠷᠢ ᠲᠥᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠪᠡ᠃ ᠠᠵᠢᠯ ᠤᠨ ᠳᠡᠰ ᠳᠠᠷᠠᠭᠠᠯᠠᠯ ᠢ ᠴᠢᠩᠭ᠎ᠠ ᠵᠢᠷᠤᠮᠵᠢᠭᠤᠯᠵᠤ᠂ ᠠᠵᠢᠯ ᠤᠨ | ᠰᠠᠬᠢᠯᠭ᠎ᠠ ᠪᠠᠲᠤ ᠶᠢ ᠴᠢᠩᠳᠠᠯᠠᠵᠤ᠂ ︽ᠬᠡᠨ ᠭᠤᠣᠯᠯᠠᠨ ᠡᠷᠬᠢᠯᠡᠪᠡᠯ᠂ ᠬᠡᠨ ᠬᠠᠷᠢᠭᠤᠴᠠᠬᠤ︾ ᠵᠠᠷᠴᠢᠮ ᠢᠶᠠᠷ | ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠨᠠᠶᠢᠳᠠᠪᠤᠷᠢᠵᠢᠭᠤᠯᠪᠠ᠃ | ᠬᠤᠶᠠᠷ ᠲᠤ ᠦᠢᠯᠡᠴᠢᠯᠡᠭᠡᠨ ᠤ ᠦᠷ᠎ᠡ ᠪᠦᠲᠦᠮᠵᠢ ᠪᠠᠨ ᠰᠢᠯᠢᠳᠡᠭᠵᠢᠭᠦᠯᠵᠡᠢ᠃ ᠬᠡᠷᠡᠭ ᠡᠷᠬᠢᠯᠡᠬᠦ ᠴᠤᠪᠤᠷᠠᠯ ᠢ | ᠬᠢᠨᠠᠮᠠᠭᠠᠶ ᠵᠣᠬᠢᠴᠠᠭᠤᠯᠤᠨ ᠲᠢᠭᠯᠡᠵᠤ᠂ ᠬᠡᠷᠡᠭ ᠡᠷᠬᠢᠯᠡᠬᠦ ᠳᠡᠰ ᠳᠠᠷᠠᠭᠠᠯᠠᠯ ᠢ ᠳᠦᠭᠦᠮᠴᠢᠯᠡᠵᠦ᠂ ᠬᠡᠷᠡᠭᠰᠡᠬᠦ | ᠮᠠᠲ᠋ᠧᠷᠢᠶᠠᠯ ᠤᠨ ᠨᠠᠷᠢᠨ ᠬᠠᠭᠤᠳᠠᠰᠤ ᠶᠢ ᠨᠢᠭᠡ ᠯᠡ ᠤᠳᠠᠭ᠎ᠠ ᠳᠡᠭᠡᠷ᠎ᠡ ᠮᠡᠳᠡᠭᠳᠡᠵᠦ᠂ ᠠᠵᠢᠯ ᠤᠨ ᠦᠷ᠎ᠡ ᠪᠦᠲᠦᠭᠡᠯ ᠢ | ᠳᠡᠭᠡᠭᠰᠢᠯᠡᠭᠦᠯᠪᠡ᠃ | ᠭᠤᠷᠪᠠ ᠳᠤ ᠦᠢᠯᠡᠴᠢᠯᠡᠭᠡᠨ ᠤ ᠶᠠᠪᠤᠴᠠ ᠪᠠᠨ ᠰᠢᠯᠢᠳᠡᠭᠵᠢᠭᠦᠯᠵᠡᠢ᠃ ᠬᠡᠷᠡᠭ ᠭᠦᠢᠴᠡᠳᠬᠡᠬᠦ ᠪᠠᠷ ᠢᠷᠡᠭᠰᠡᠨ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠬᠤᠪᠢ ᠬᠥᠮᠦᠨ ᠵᠡᠷᠭᠡ ᠳᠤ ᠦᠢᠯᠡᠴᠢᠯᠡᠬᠦ ᠣᠪᠣᠷ ᠤᠨ ᠪᠠᠷᠢᠮᠵᠢᠶ᠎ᠠ᠂ | ᠠᠵᠢᠯᠯᠠᠬᠤ ᠠᠷᠭ᠎ᠠ ᠬᠡᠯᠪᠡᠷᠢ ᠶᠢᠨ ᠪᠠᠷᠢᠮᠵᠢᠶ᠎ᠠ᠂ ᠶᠣᠰᠣᠷᠬᠠᠭ ᠦᠭᠡ ᠬᠡᠯᠡᠯᠭᠡ ᠶᠢᠨ ᠪᠠᠷᠢᠮᠵᠢᠶ᠎ᠠ ᠶᠢ ᠢᠮᠠᠭᠳᠠ | ᠪᠠᠷᠢᠮᠲᠠᠯᠠᠪᠠ︔ ᠤᠷᠢᠳᠠᠪᠡᠷ ᠬᠠᠷᠢᠭᠤᠴᠠᠯᠭ᠎ᠠ ᠠᠰᠠᠭᠤᠬᠤ ᠳᠦᠷᠢᠮ ᠢ ᠦᠨᠡᠨ ᠬᠦ ᠬᠡᠷᠡᠭᠵᠢᠭᠦᠯᠵᠦ᠂ ᠡᠭᠦᠷᠭᠡ | ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠶᠠᠪᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠥᠪᠡᠷ ᠤᠨ | ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠪᠤᠰᠤ ᠶᠠᠪᠤᠳᠠᠯ ᠢ ᠪᠣᠯ ᠭᠦᠢᠴᠡᠳᠬᠡᠬᠦ ᠵᠦᠢᠯᠡᠰ ᠢ | ᠦᠨᠳᠦᠰᠦᠯᠡᠨ᠂ ᠭᠠᠷᠳᠠᠨ ᠭᠦᠢᠴᠡᠳᠬᠡᠭᠴᠢ ᠶᠢ ᠳᠥᠭᠦᠮ᠂ ᠲᠦᠷᠭᠡᠨ ᠡᠷᠢᠵᠦ ᠣᠯᠬᠤ ᠶᠢ ᠨᠢ ᠬᠥᠲᠥᠯᠥᠨ | ᠵᠢᠯᠣᠭᠤᠳᠴᠤ᠂ ᠴᠠᠭ ᠲᠤᠬᠠᠶ ᠳᠤᠨᠢ ᠶᠠᠪᠤᠳᠠᠯ ᠢ ᠨᠢ ᠭᠦᠢᠴᠡᠳᠬᠡᠵᠦ᠂ ᠦᠢᠯᠡᠴᠢᠯᠡᠭᠡ ᠪᠠᠨ ᠵᠢᠷᠤᠮᠵᠢᠭᠤᠯᠪᠠ᠃ |