ᠤᠯᠠᠭᠠᠨᠬᠠᠳᠠ ᠬᠤᠲᠠ ᠠᠵᠤ ᠦᠢᠯᠡᠳᠪᠦᠷᠢ ᠳᠤ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠠᠵᠤ ᠦᠢᠯᠡᠳᠪᠦᠷᠢ ᠶᠢᠨ ᠠᠵᠤ ᠠᠬᠤᠶ ᠶᠢᠨ ᠲᠣᠭᠲᠠᠭᠤᠨ ᠪᠠᠶᠢᠬᠤ ᠶᠢ ᠪᠠᠲᠤᠯᠠᠪᠠ
ᠨᠡᠶᠢᠲᠡᠯᠡᠭᠰᠡᠨ ᠴᠠᠭ᠄
2016/4/8
      ᠣᠷᠴᠢᠮᠬᠠᠨ ᠬᠤᠷᠠᠯᠳᠤᠭᠰᠠᠨ ᠪᠦᠬᠦ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠢᠴᠢ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠬᠤᠷᠠᠯ ᠠᠴᠠ ᠴᠢᠬᠤᠯᠠᠴᠢᠯᠠᠭᠰᠠᠨ ᠨᠢ᠂ ᠳᠠᠪᠠᠭᠤᠯᠢᠭ ᠲᠠᠯ᠎ᠠ ᠪᠠᠨ ᠪᠠᠳᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠠᠵᠤ ᠦᠢᠯᠡᠳᠪᠦᠷᠢ ᠶᠢᠨ ᠠᠵᠤ ᠠᠬᠤᠶ ᠶᠢ ᠲᠣᠭᠲᠠᠭᠤᠨ ᠪᠠᠶᠢᠯᠭᠠᠨ᠎ᠠ ᠭᠡᠵᠡᠢ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠳᠤ ᠠᠵᠤ ᠠᠬᠤᠶ ᠶᠢᠨ ᠪᠠᠭᠤᠷᠠᠬᠤ ᠬᠠᠨᠳᠤᠰᠢ ᠢᠯᠡᠷᠬᠡᠶ ᠪᠠᠶᠢᠭ᠎ᠠ ᠪᠣᠯᠪᠠᠴᠤ ᠤᠯᠠᠭᠠᠨᠬᠠᠳᠠ ᠬᠤᠲᠠ ᠰᠠᠭᠤᠷᠢ ᠲᠠᠢ᠂ ᠬᠢᠯᠠᠰ ᠴᠢᠭ᠋ ᠲᠠᠢ᠂ ᠳᠠᠯᠳᠠ ᠬᠦᠴᠦᠨ ᠲᠠᠢ᠂ ᠨᠥᠬᠦᠴᠡᠯ ᠲᠠᠢ ᠪᠣᠯᠬᠤᠷ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠮᠥᠨ ᠯᠠ ᠬᠦᠰᠡᠯ ᠡᠷᠡᠮᠡᠯᠵᠡᠯ ᠪᠠ ᠠᠵᠤ ᠲᠣᠬᠢᠶᠠᠯ ᠢᠶᠠᠷ ᠪᠢᠯᠬᠠᠵᠤ ᠪᠤᠢ᠃ ᠪᠢᠳᠡ ᠣᠳᠣᠬᠠᠨ ᠤ ᠠᠵᠤ ᠠᠬᠤᠶ ᠶᠢᠨ ᠪᠠᠶᠢᠳᠠᠯ ᠢ ᠵᠥᠪ ᠢᠶᠠᠷ ᠲᠠᠨᠢᠵᠤ᠂ ᠤᠯᠤᠰ ᠤᠨ ᠠᠵᠤ ᠠᠬᠤᠶ ᠶᠢᠨ ᠲᠦᠷᠦ ᠶᠢᠨ ᠪᠤᠳᠤᠯᠭ᠎ᠠ ᠶᠢ ᠵᠥᠪ ᠣᠨᠣᠪᠴᠢᠲᠠᠶ ᠣᠶᠢᠯᠠᠭᠠᠬᠤ ᠪᠠ ᠨᠠᠶᠢᠳᠠᠪᠤᠷᠢᠵᠢᠭᠤᠯᠵᠤ᠂ ᠰᠢᠨ᠎ᠡ ᠬᠡᠪ ᠪᠠᠶᠢᠳᠠᠯ ᠳᠤ ᠵᠣᠬᠢᠴᠠᠵᠤ᠂ ᠦᠢᠯᠡᠳᠪᠦᠷᠢᠯᠡᠯ ᠤᠨ ᠦᠯᠡᠭᠦᠦ ᠴᠢᠳᠠᠪᠤᠷᠢ ᠶᠢ ᠦᠭᠡᠶᠢᠰᠬᠡᠬᠦ᠂ ᠬᠥᠮᠥᠷᠭᠡ ᠶᠢᠨ ᠦᠯᠡᠭᠦᠦ ᠬᠠᠳᠠᠭᠠᠯᠠᠮᠵᠢ ᠶᠢ ᠦᠭᠡᠶᠢᠰᠬᠡᠬᠦ᠂ ᠬᠦᠰᠢᠭᠦᠷᠭᠡ ᠶᠢ ᠦᠭᠡᠶᠢᠰᠬᠡᠬᠦ᠂ ᠥᠪᠡᠷ ᠤᠨ ᠥᠷᠲᠡᠭ ᠢ ᠪᠠᠭᠤᠷᠠᠭᠤᠯᠵᠤ᠂ ᠳᠤᠲᠠᠭᠤ ᠲᠠᠯ᠎ᠠ ᠶᠢ ᠨᠥᠬᠦᠪᠥᠷᠢᠯᠡᠬᠦ ᠬᠡᠷᠡᠭᠲᠡᠶ᠃ ᠳᠠᠪᠠᠭᠤᠯᠢᠭ ᠣᠨᠴᠠᠯᠢᠭ ᠪᠦᠬᠦᠢ ᠠᠵᠤ ᠦᠢᠯᠡᠰ ᠢ ᠭᠤᠶᠢᠪᠢᠰᠢ ᠦᠭᠡᠢ ᠪᠠᠷ ᠬᠥᠭᠵᠢᠭᠦᠯᠵᠦ᠂ ᠠᠵᠤ ᠦᠢᠯᠡᠳᠪᠦᠷᠢ ᠶᠢᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠦᠷᠭᠦᠯᠵᠢᠯᠡᠨ ᠲᠣᠮᠣᠳᠬᠠᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠠᠵᠤ ᠦᠢᠯᠡᠳᠪᠦᠷᠢ ᠶᠢ ᠬᠥᠭᠵᠢᠭᠦᠯᠬᠦ ᠪᠡᠯᠡ ᠲᠣᠬᠢᠷᠠᠭᠤᠯᠬᠤ ᠲᠠᠪᠴᠠᠩ ᠢ  ᠢᠳᠡᠪᠬᠢᠲᠡᠶ ᠪᠠᠷ ᠪᠠᠶᠢᠭᠤᠯᠬᠤ ᠬᠡᠷᠡᠭᠲᠡᠶ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠢᠨ᠎ᠡ ᠵᠠᠭᠪᠤᠷ ᠤᠨ ᠰᠢᠨ᠎ᠡ ᠶᠢ ᠡᠭᠦᠳᠴᠦ᠂ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠬᠦᠴᠦᠲᠡᠶ ᠠᠳᠬᠤᠵᠤ᠂ ᠰᠢᠨ᠎ᠡ ᠨᠡᠮᠡᠭᠳᠡᠯ ᠤᠨ ᠴᠢᠭ᠋ ᠢ ᠪᠤᠶ ᠪᠣᠯᠭᠠᠬᠤ ᠬᠡᠷᠡᠭᠲᠡᠢ᠃ ᠪᠥᠬᠦᠳᠡ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠬᠤ᠂ ᠦᠢ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠲᠦᠷᠭᠡᠳᠬᠡᠬᠦ ᠶᠢ ᠲᠦᠯᠬᠢᠨ ᠠᠬᠢᠭᠤᠯᠬᠤ ᠬᠡᠷᠡᠭᠲᠡᠶ ᠭᠡᠵᠡᠢ᠃ ᠬᠤᠷᠠᠯ ᠠᠴᠠ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠬᠢᠨᠠᠨ ᠬᠠᠮᠢᠶᠠᠷᠬᠤ ᠬᠠᠷᠢᠭᠤᠴᠠᠯᠭ᠎ᠠ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯ ᠥᠭᠡᠢ ᠦᠢᠯᠡᠳᠪᠦᠷᠢᠯᠡᠯ ᠤᠨ ᠡᠯ᠎ᠡ ᠵᠦᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠶᠢᠨ ᠲᠤᠰᠬᠠᠶ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠠᠶᠤᠯ ᠥᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠪᠣᠳᠠᠲᠤ ᠠᠮᠵᠢᠯᠲᠠ ᠤᠯᠬᠤ ᠶᠢ ᠦᠨᠡᠨ ᠬᠦ ᠪᠠᠲᠤᠯᠠᠵᠤ᠂ ᠠᠶᠤᠯ ᠦᠭᠡᠢ ᠦᠢᠯᠡᠳᠪᠦᠷᠢᠯᠡᠯ ᠤᠨ ᠡᠯ᠎ᠡ ᠵᠦᠢᠯ ᠤᠨ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号